ᠡᠨᠡ ᠬᠦ ᠵᠠᠷᠤᠳᠠᠯ ᠢ ᠳᠠᠬᠢᠨ 4 ᠵᠢᠯ ᠬᠡᠯᠲᠦᠷᠢᠭᠦᠯᠦᠨ᠎ᠡ ᠭᠡᠵᠦ ᠲᠤᠳᠤᠷᠬᠠᠶᠢᠯᠠᠯ᠎ᠠ︕
ᠨᠡᠶᠢᠲᠡᠯᠡᠭᠰᠡᠨ ᠴᠠᠭ᠄
2023/10/18
      ᠡᠳ᠋ ᠤᠨ ᠵᠠᠰᠠᠭ ᠤᠨ ᠶᠠᠮᠤᠨ ᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ  ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠡᠷᠡᠭᠵᠢᠬᠦᠯᠬᠦ ᠪᠠ ᠰᠢᠯᠢᠳᠡᠭᠵᠢᠭᠦᠯᠬᠦ ᠲᠤᠬᠠᠢ ᠪᠣᠳᠠᠲᠠᠶ ᠠᠭᠤᠯᠭ᠎ᠠ ᠶᠢ ᠲᠠᠨᠢᠯᠴᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 2027 ᠣᠨ ᠤ ᠡᠴᠦᠰ ᠪᠣᠯᠲᠠᠯ᠎ᠠ ᠤᠷᠲᠤᠳᠬᠠᠨ᠎ᠠ ᠭᠡᠵᠦ ᠲᠤᠳᠤᠷᠬᠠᠶᠢᠯᠠᠪᠠ᠃      ᠲᠠᠨᠢᠯᠴᠠᠭᠤᠯᠭ᠎ᠠ ᠶᠢ ᠦᠨᠳᠦᠰᠦᠯᠡᠪᠡᠯ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 4 ᠵᠢᠯ ᠤᠷᠲᠤᠳᠬᠠᠬᠤ ᠪᠤᠯᠤᠨ᠎ᠠ᠂ ᠲᠤᠬᠠᠶᠢᠯᠠᠪᠠᠯ 2027 ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠨ᠎ᠠ᠃ ᠡᠭᠦᠨ ᠳᠤ᠂ 2024 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠲᠡᠷᠭᠡ ᠬᠥᠰᠬᠡ ᠬᠤᠳᠠᠯᠳᠤᠨ ᠠᠪᠤᠬᠰᠠᠨ ᠭᠠᠶᠢᠯᠢ ᠶᠢ ᠭᠡᠯᠳᠦᠷᠢᠭᠦᠯᠵᠦ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠬᠡᠯᠳᠦᠷᠢᠬᠦᠯᠬᠦ ᠵᠤᠭᠤᠰᠤᠨ ᠲᠤᠭ᠎ᠠ ᠶᠢ 3 ᠲᠦᠮᠡᠨ ᠲᠦᠭᠦᠷᠢᠭ ᠠᠴᠠ ᠭᠡᠳᠦᠷᠡᠬᠦᠯᠬᠦ ᠦᠭᠡᠢ︔ 2026 ᠤᠨ ᠤ 1 ᠰᠠᠷ᠎ᠠ ᠶᠢᠨ 1 ᠤ ᠡᠳᠦᠷ ᠠᠴᠠ 2027 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠲᠡᠷᠭᠡ ᠬᠥᠰᠬᠡ ᠬᠤᠳᠠᠯᠳᠤᠨ ᠠᠪᠤᠬᠰᠠᠨ ᠭᠠᠶᠢᠯᠢ ᠶᠢ ᠬᠠᠭᠠᠰ ᠢᠶᠠᠷ ᠭᠡᠯᠳᠦᠷᠢᠭᠦᠯᠵᠦ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠬᠡᠯᠳᠦᠷᠢᠬᠦᠯᠬᠦ ᠵᠤᠭᠤᠰᠤᠨ ᠲᠤᠭ᠎ᠠ  ᠶᠢ 1.5 ᠲᠦᠮᠡᠨ ᠲᠥᠭᠦᠷᠢᠭ ᠠᠴᠠ ᠭᠡᠳᠦᠷᠡᠬᠦᠯᠬᠦ ᠦᠭᠡᠢ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠰᠠᠭ ᠤᠨ ᠶᠠᠪᠣᠳᠠᠯ ᠤᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号