ᠰᠢᠮ᠎ᠡ ᠲᠡᠵᠢᠭᠡᠯ ᠰᠠᠶᠢᠳᠠᠢ ᠥᠷᠯᠥᠭᠡ ᠶᠢᠨ ᠴᠠᠢ ᠬᠤᠭᠤᠯᠠᠨ ᠳᠤ ᠨᠡᠭᠦᠷᠡᠰᠦ ᠤᠰᠤᠨ ᠤ ᠨᠢᠭᠡᠳᠪᠦᠷᠢ᠂ | ᠤᠭᠤᠷᠠᠭ᠂ ᠥᠨᠳᠡᠭᠡᠨ ᠹᠣᠰᠹᠣᠷᠲᠤ ᠥᠭᠡᠬᠦ᠂ ᠸᠢᠲ᠋ᠠᠮᠢᠨ ᠪᠠ ᠡᠷᠦᠳᠡᠰᠦ ᠪᠣᠳᠠᠰ ᠢ ᠪᠠᠭᠲᠠᠭᠠᠨ᠎ᠠ᠃ | ⒈ᠨᠡᠭᠦᠷᠡᠰᠦ ᠤᠰᠤᠨ ᠤ ᠨᠢᠭᠡᠳᠪᠦᠷᠢ ᠶᠢ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠯᠬ᠎ᠠ᠂ ᠮᠠᠨᠲᠠᠤ | ᠂ ᠬᠤᠯᠢᠮᠠᠭ ᠠᠮᠤ ᠶᠢᠨ ᠰᠢᠩᠭᠡᠨ ᠪᠤᠳᠠᠭ᠎ᠠ ᠵᠡᠷᠭᠡ ᠭᠤᠣᠯ ᠢᠳᠡᠭᠡᠨ᠃ ᠡᠳᠡᠭᠡᠷ ᠨᠢ ᠨᠡᠭᠦᠷᠡᠰᠦ ᠤᠰᠤᠨ ᠤ | ᠨᠢᠭᠡᠳᠪᠦᠷᠢ ᠶᠢ ᠠᠭᠤᠯᠵᠣ᠂ ᠲᠠᠷᠢᠬᠢᠨ ᠳᠤ ᠬᠡᠷᠡᠭᠴᠡᠭᠡ ᠲᠠᠢ ︽ᠲᠦᠯᠡᠰᠢ︾ — ᠦᠵᠦᠮ ᠤᠨ ᠰᠢᠬᠢᠷ ᠪᠣᠯᠭᠠᠨ | ᠬᠤᠪᠢᠷᠠᠭᠤᠯᠵᠤ᠂ ᠶᠡᠭᠡ ᠲᠠᠷᠢᠬᠢ ᠶᠢᠨ ᠰᠡᠳᠬᠢᠬᠦ᠂ ᠴᠡᠭᠡᠵᠢᠯᠡᠬᠦ ᠪᠠ ᠠᠰᠠᠭᠤᠳᠠᠯ ᠢ ᠰᠢᠢᠳᠪᠦᠷᠢᠯᠡᠬᠦ ᠵᠡᠷᠭᠡ | ᠶᠠᠪᠤᠳᠠᠯ ᠳᠤ ᠲᠤᠰᠠᠯᠠᠵᠦ ᠪᠣᠯᠤᠨ᠎ᠠ᠃ | ⒉ᠤᠭᠤᠷᠠᠭ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠮᠢᠬ᠎ᠠ᠂ ᠵᠢᠭᠠᠰᠤ᠂ ᠦᠨᠢᠶᠡᠨ ᠰᠦ ᠵᠡᠷᠭᠡ ᠨᠢ | ᠴᠢᠰᠤᠨ ᠰᠢᠬᠢᠷ ᠢ ᠠᠭᠠᠵᠢᠮ ᠢᠶᠠᠷ ᠳᠡᠭᠡᠭᠰᠢᠯᠡᠭᠦᠯᠦᠭᠰᠡᠨ ᠤ ᠳᠠᠷᠠᠭ᠎ᠠ ᠲᠣᠭᠲᠠᠭᠤᠨ ᠪᠠᠶᠢᠳᠠᠯ ᠢ ᠪᠠᠲᠤᠯᠠᠨ᠎ᠠ᠃ | ᠤᠭᠤᠷᠠᠭ ᠳᠣᠲᠣᠷᠠᠬᠢ ᠲᠠᠷᠠᠭ ᠤᠨ ᠰᠢᠪᠲᠦᠷᠲᠦ ᠬᠦᠴᠢᠯ ᠨᠢ ᠪᠠᠰᠠ ᠬᠥᠮᠦᠨ ᠤ ᠪᠡᠶ᠎ᠡ ᠶᠢᠨ ᠳᠤᠫᠠᠮᠢᠨ ᠪᠠ | ᠪᠥᠭᠡᠷ᠎ᠡ ᠶᠢᠨ ᠳᠡᠭᠡᠳᠦ ᠪᠤᠯᠴᠢᠷᠬᠠᠶ ᠶᠢᠨ ᠡᠳ᠋ ᠰᠢᠭᠦᠷᠡᠭᠦᠯᠬᠦ ᠶᠢ ᠠᠬᠢᠭᠤᠯᠵᠤ᠂ ᠬᠥᠮᠦᠰ ᠤᠨ ᠰᠡᠳᠬᠢᠬᠦᠶ ᠶᠢ ᠬᠤᠷᠴᠠ | ᠰᠡᠷᠭᠡᠭ ᠪᠣᠯᠭᠠᠳᠠᠭ᠃ | ⒊ ᠥᠨᠳᠡᠭᠡᠨ ᠹᠣᠰᠹᠣᠷᠲᠤ ᠥᠭᠡᠬᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠲᠠᠬᠢᠶᠠᠨ ᠥᠨᠳᠡᠭᠡ᠂ | ᠪᠤᠷᠴᠠᠭ ᠤᠨ ᠢᠳᠡᠭᠡᠨ ᠵᠡᠷᠭᠡ ᠥᠨᠳᠡᠭᠡᠨ ᠹᠣᠰᠹᠣᠷᠲᠤ ᠥᠭᠡᠬᠦ ᠰᠢᠩᠭᠡᠭᠡᠭᠳᠡᠭᠰᠡᠨ ᠤ ᠳᠠᠷᠠᠭ᠎ᠠ ᠰᠥᠰᠥᠨ ᠤ ᠱᠦᠯᠲᠦ | ᠢᠯᠭᠠᠷᠠᠭᠤᠯᠵᠤ᠂ ᠡᠭᠦᠨ ᠤ ᠤᠯᠠᠮ ᠠᠴᠠ ᠮᠡᠳᠡᠷᠡᠯ ᠤᠨ ᠵᠠᠭᠤᠴᠢ ᠳᠠᠮᠵᠢᠭᠤᠯᠤᠭᠴᠢ ᠡᠳ᠋ ᠤᠨ ᠡᠲ᠋ᠠ ᠡᠰᠢᠯᠲᠦ | ᠰᠥᠰᠥᠨ ᠤ ᠱᠦᠯᠲᠦ ᠶᠢ ᠨᠡᠶᠢᠯᠡᠭᠦᠯᠦᠨ᠂ ᠮᠡᠳᠡᠷᠡᠯ ᠤᠨ ᠰᠢᠰᠲ᠋ᠧᠮ ᠤᠨ ᠠᠵᠢᠯᠯᠠᠭ᠎ᠠ ᠶᠢ ᠠᠬᠢᠭᠤᠯᠤᠨ | ᠰᠠᠶᠢᠵᠢᠷᠠᠭᠤᠯᠳᠠᠭ᠃ | ⒋ ᠸᠢᠲ᠋ᠠᠮᠢᠨ᠂ ᠡᠷᠦᠳᠡᠰᠦ ᠡᠯᠪᠡᠭ ᠠᠭᠤᠯᠤᠭᠰᠠᠨ ᠢᠳᠡᠭᠡᠨ ᠵᠢᠱᠢᠶᠡᠯᠡᠪᠡᠯ᠂ ᠰᠢᠨ᠎ᠡ ᠰᠣᠷᠭᠤᠭ ᠵᠢᠮᠢᠰ | ᠨᠣᠭᠤᠭ᠎ᠠ᠂ ᠸᠢᠲ᠋ᠠᠮᠢᠨ ᠪᠣᠯᠤᠨ ᠡᠷᠦᠳᠡᠰᠦ ᠪᠣᠳᠠᠰ ᠪᠣᠯ ᠶᠡᠭᠡ ᠲᠠᠷᠢᠬᠢᠨ ᠳᠤ ᠳᠤᠲᠠᠭᠳᠠᠵᠤ ᠪᠣᠯᠤᠰᠢ ᠦᠭᠡᠢ ︽ | ᠪᠠᠷᠢᠯᠭ᠎ᠠ ᠶᠢᠨ ᠮᠠᠲ᠋ᠧᠷᠢᠶᠠᠯ︾ ᠮᠥᠨ᠂ ᠤᠷᠭᠤᠮᠠᠯ ᠤᠨ ᠬᠢᠮᠢ ᠶᠢᠨ ᠪᠣᠳᠠᠰ ᠨᠢ ᠶᠡᠭᠡ ᠲᠠᠷᠢᠬᠢᠨ ᠳᠤ ᠤᠴᠠᠷᠠᠭᠤᠯᠬᠤ | ᠴᠢᠯᠥᠭᠡᠲᠦ ᠡᠰ ᠤᠨ ᠬᠤᠬᠢᠷᠠᠯ ᠢ ᠡᠰᠡᠷᠭᠦᠴᠡᠵᠦ᠂ ᠴᠡᠭᠡᠵᠢᠯᠡᠬᠦ ᠴᠢᠳᠠᠪᠤᠷᠢ ᠶᠢ ᠬᠠᠮᠠᠭᠠᠯᠠᠳᠠᠭ᠃ | |