9 ᠰᠠᠷ᠎ᠠ ᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ | ᠨᠡᠶᠢᠲᠡ 33.9 ᠲᠦᠮᠡᠨ ᠲᠣᠨ ᠳᠤ ᠬᠦᠷᠴᠦ᠂ ᠡᠭᠦᠨ ᠳᠤ ᠭᠠᠳᠠᠭᠠᠳᠤ ᠠᠴᠠ ᠣᠷᠤᠭᠤᠯᠤᠭᠰᠠᠨ ᠪᠠᠷᠠᠭ᠎ᠠ 33.5 | ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 0.4 ᠲᠦᠮᠡᠨ ᠲᠣᠨ ᠳᠤ ᠬᠦᠷᠴᠡᠢ᠃ ᠭᠠᠳᠠᠭᠠᠳᠤ ᠠᠴᠠ | ᠣᠷᠣᠭᠤᠯᠬᠤ ᠪᠠ ᠭᠠᠳᠠᠭᠠᠳᠤ ᠳᠤ ᠭᠠᠷᠭᠠᠭᠰᠠᠨ ᠪᠠᠷᠠᠭᠠᠨ ᠤ ᠦᠷᠳᠡᠭ 0.22 ᠳ᠋ᠦᠩᠰᠢᠭᠤᠷ ᠳ᠋ᠣᠯᠯᠠᠷ ᠲᠤ ᠬᠦᠷᠴᠦ᠂ | ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠦᠷᠳᠡᠭ 0.204 ᠳ᠋ᠦᠩᠰᠢᠭᠤᠷ ᠳ᠋ᠣᠯᠯᠠᠷ ᠲᠤ ᠬᠦᠷᠪᠡ | ᠃ ᠭᠠᠳᠠᠭᠠᠳᠤ ᠳᠤ ᠭᠠᠷᠭᠠᠭᠰᠠᠨ ᠪᠠᠷᠠᠭᠠᠨ ᠤ ᠥᠷᠲᠡᠭ ᠨᠢ 0.016 ᠳ᠋ᠦᠩᠰᠢᠭᠤᠷ ᠳ᠋ᠣᠯᠯᠠᠷ ᠲᠤ ᠬᠦᠷᠪᠡ᠃ | ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡᠴᠢᠳ 9138 ᠬᠥᠮᠥᠨ ᠤᠳᠠᠭ᠎ᠠ︔ ᠡᠭᠦᠨ ᠳᠤ ᠬᠢᠯᠢ ᠪᠠᠷ | ᠣᠷᠣᠵᠤ ᠢᠷᠡᠭᠰᠡᠨ ᠪᠠᠷᠠᠭᠠᠨ ᠤ ᠲᠡᠷᠭᠡᠴᠢᠳ 4653 ᠬᠥᠮᠥᠨ ᠤᠳᠠᠭ᠎ᠠ᠂ ᠬᠢᠯᠢ ᠠᠴᠠ ᠭᠠᠷᠬᠤ ᠪᠠᠷᠠᠭᠠᠨ ᠤ | ᠲᠡᠷᠭᠡᠴᠢᠳ 4485 ᠬᠥᠮᠥᠨ ᠤᠳᠠᠭ᠎ᠠ ᠪᠤᠢ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 9138 | ᠤᠳᠠᠭ᠎ᠠ ᠳᠤ ᠬᠦᠷᠪᠡ︔ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ 4653 ᠤᠳᠠᠭ᠎ᠠ᠂ | ᠬᠢᠯᠢ ᠠᠴᠠ ᠭᠠᠷᠬᠤ ᠪᠠᠷᠠᠭᠠᠨ ᠤ ᠲᠡᠷᠭᠡ 4485 ᠤᠳᠠᠭ᠎ᠠ ᠳᠤ ᠬᠦᠷᠪᠡ᠃ ᠬᠢᠯᠢ ᠪᠠᠷ ᠣᠷᠤᠵᠤ ᠭᠠᠷᠬᠤ ᠳᠤ | ᠫᠠᠰᠫᠣᠷᠲ ᠲᠠᠢ ᠠᠶᠠᠨᠴᠢᠳ 1941 ᠬᠥᠮᠥᠨ ᠤᠳᠠᠭ᠎ᠠ ᠳᠤ ᠬᠦᠷᠴᠡᠢ︔ ᠡᠭᠦᠨ ᠳᠤ ᠬᠢᠯᠢ ᠪᠠᠷ ᠣᠷᠣᠵᠤ ᠢᠷᠡᠭᠰᠡᠨ | ᠠᠶᠠᠨᠴᠢᠳ 998 ᠬᠥᠮᠥᠨ ᠤᠳᠠᠭ᠎ᠠ᠂ ᠬᠢᠯᠢ ᠠᠴᠠ ᠭᠠᠷᠤᠭᠰᠠᠨ ᠠᠶᠠᠨᠴᠢᠳ 943 ᠬᠥᠮᠥᠨ ᠤᠳᠠᠭ᠎ᠠ ᠪᠤᠢ᠃ | ᠣᠳᠣᠬᠠᠨ ᠳᠤ ᠵᠡᠭᠦᠨ ᠬᠠᠲᠠᠪᠴᠢ ᠪᠣᠭᠤᠮᠲᠠ ᠳᠤ ᠨᠡᠭᠦᠷᠡᠰᠦ᠂ ᠲᠡᠮᠦᠷ ᠤᠨ ᠨᠠᠷᠢᠯᠢᠭ ᠨᠤᠨᠳᠠᠭ᠂ ᠬᠠᠶᠢᠯᠤᠭᠤᠷ | ᠵᠤᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ ᠵᠡᠷᠭᠡ ᠶᠡᠭᠡ ᠬᠡᠮᠵᠢᠶᠡᠨ ᠤ ᠪᠠᠷᠠᠭ᠎ᠠ ᠪᠠᠷ ᠭᠤᠣᠯ | ᠪᠣᠯᠭᠠᠵᠤ᠂ ᠭᠠᠳᠠᠭᠠᠳᠤ ᠳᠤ ᠭᠠᠷᠭᠠᠬᠤ ᠪᠠᠷᠠᠭ᠎ᠠ ᠳᠤ ᠲᠥᠬᠦᠭᠡᠷᠦᠮᠵᠢ᠂ ᠡᠯᠳᠡᠪ ᠪᠠᠷᠠᠭ᠎ᠠ᠂ ᠪᠠᠷᠢᠯᠭ᠎ᠠ ᠶᠢᠨ ᠮᠠᠲ᠋ᠧᠷᠢᠶᠠᠯ | ᠵᠢᠴᠢ ᠪᠤᠴᠠᠭᠠᠨ ᠲᠡᠭᠡᠭᠡᠪᠦᠷᠢᠯᠡᠬᠦ ᠨᠡᠭᠦᠷᠡᠰᠦ ᠪᠠᠷ ᠭᠤᠣᠯ ᠪᠣᠯᠭᠠᠵᠤ᠂ 2022 ᠣᠨ ᠳᠤ ᠬᠢᠵᠢᠭ ᠤᠨ ᠨᠥᠯᠥᠭᠡ ᠠᠴᠠ | ᠪᠣᠯᠵᠤ᠂ 1— 9 ᠰᠠᠷ᠎ᠠ ᠳᠤ ᠵᠡᠭᠦᠨ ᠬᠠᠲᠠᠪᠴᠢ ᠪᠣᠭᠤᠮᠲᠠ ᠳᠤ ᠵᠥᠪᠬᠡᠨ 3.6 ᠲᠦᠮᠡᠨ ᠲᠣᠨ ᠨᠡᠭᠦᠷᠡᠰᠦ | ᠣᠷᠣᠭᠤᠯᠵᠤ᠂ 2023 ᠣᠨ ᠤ ᠠᠳᠠᠯᠢ ᠬᠤᠭᠤᠴᠠᠭᠠᠨ ᠤ ᠬᠢ ᠲᠠᠢ ᠠᠳᠠᠯᠢᠳᠬᠠᠬᠤ ᠶᠢᠨ ᠠᠷᠭ᠎ᠠ ᠦᠭᠡᠢ ᠪᠣᠯᠵᠠᠢ᠃ |