ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠡᠯᠴᠢᠨ ᠤ ᠭᠠᠵᠠᠷ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠡᠯᠡᠯᠴᠡᠭᠡ ᠬᠢᠪᠡ
ᠨᠡᠶᠢᠲᠡᠯᠡᠭᠰᠡᠨ ᠴᠠᠭ᠄
2023/10/24
      10 ᠰᠠᠷ᠎ᠠ ᠶᠢᠨ 12 ᠤᠨ ᠡᠳᠦᠷ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ  ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ ᠡᠯᠴᠢᠨ ᠤ ᠭᠠᠵᠠᠷ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠲᠠᠢ ᠬᠡᠯᠡᠯᠴᠡᠭᠡ ᠬᠢᠵᠦ᠂ ᠵᠡᠭᠦᠨ ᠬᠠᠲᠠᠪᠴᠢ ︱ ᠪᠢᠴᠢᠭᠲᠦ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠢ ᠵᠥᠪᠳᠡᠯᠴᠡᠪᠡ᠃ ᠡᠷᠢᠶᠡᠨ ᠬᠤᠲᠠ ᠳᠤ ᠰᠠᠭᠤᠭ᠎ᠠ ᠮᠣᠩᠭᠤᠯ ᠤᠯᠤᠰ ᠤᠨ  ᠡᠯᠴᠢᠨ ᠤ ᠭᠠᠵᠠᠷ ᠤᠨ ᠡᠯᠴᠢ ᠶᠢᠨ ᠰᠠᠶᠢᠳ᠂ ᠳᠡᠳ᠋ ᠡᠯᠴᠢ ᠶᠢᠨ ᠰᠠᠶᠢᠳ ᠲᠦᠪᠰᠢᠨᠪᠠᠶᠠᠷ᠂ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶᠠᠨ ᠤ ᠳᠠᠷᠤᠭ᠎ᠠ ᠮᠥᠩᠬᠡᠪᠣᠯᠠᠭ᠂ ᠪᠣᠭᠤᠮᠲᠠ ᠶᠢᠨ ᠲᠤᠰᠬᠠᠢ ᠮᠡᠷᠭᠡᠵᠢᠯᠲᠡᠨ ᠲᠤᠳᠤᠡᠷᠳᠡᠨᠢ ᠨᠠᠷ ᠬᠡᠯᠡᠯᠴᠡᠭᠡ ᠳᠤ ᠣᠷᠣᠯᠴᠠᠪᠠ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠷᠠᠯ ᠳᠤ ᠣᠷᠣᠯᠴᠠᠵᠤ ᠬᠤᠷᠠᠯ ᠡᠷᠭᠢᠯᠠᠪᠠ᠃      ᠬᠤᠷᠠᠯ ᠳᠡᠭᠡᠷ᠎ᠡ᠂ ᠳᠤᠮᠳᠠᠳᠤ ᠮᠣᠩᠭᠤᠯ ᠬᠤᠶᠠᠷ ᠲᠠᠯ᠎ᠠ ᠪᠠᠷ ᠢᠶᠠᠨ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ᠂ ᠠᠴᠢᠶ᠎ᠠ ᠲᠡᠭᠡᠭᠡᠰᠢ ᠶᠢ ᠪᠠᠶᠢᠴᠠᠭᠠᠨ ᠰᠢᠯᠭᠠᠬᠤ᠂ ᠡᠳ᠋ ᠪᠠᠷᠠᠭ᠎ᠠ ᠲᠡᠭᠡᠭᠡᠪᠦᠷᠢᠯᠡᠬᠦ ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠨᠠᠪᠲᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠪᠣᠭᠤᠮᠲᠠ ᠶᠢᠨ ᠰᠠᠭᠠᠳ ᠦᠭᠡᠢ ᠨᠡᠪᠲᠡᠷᠡᠬᠦ ᠶᠢ ᠠᠬᠢᠭᠤᠯᠤᠨ᠎ᠠ ᠭᠡᠵᠦ ᠰᠠᠨᠠᠯ ᠨᠢᠭᠡᠲᠡᠢ ᠢᠯᠡᠳᠬᠡᠪᠡ᠃      ᠵᠡᠭᠦᠨ ᠦᠵᠦᠮᠦᠴᠢᠨ ᠤ ᠬᠠᠮᠲᠤᠷᠠᠨ ᠪᠠᠶᠢᠴᠠᠭᠠᠬᠤ ᠰᠠᠯᠠᠭ᠎ᠠ ᠮᠥᠴᠢᠷ᠂ ᠪᠣᠭᠤᠮᠲᠠ ᠶᠢᠨ ᠨᠠᠮ ᠤᠨ ᠬᠤᠷᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠵᠠᠮ ᠬᠠᠷᠢᠯᠴᠠᠭᠠᠨ ᠤ ᠲᠣᠪᠴᠢᠶ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠡᠯᠡᠯᠴᠡᠭᠡ ᠳᠤ ᠣᠷᠣᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号