ᠰᠤᠷᠤᠯᠴᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢ ᠠᠬᠢᠭᠤᠯᠤᠨ᠂ ᠪᠦᠬᠦ ᠬᠤᠰᠢᠭᠤᠨ ᠤ ᠥᠷᠭᠡᠨ | ᠤᠯᠠᠨ ᠲᠦᠮᠡᠨ ᠤ ᠤᠶᠤᠨ ᠰᠠᠨᠠᠭ᠎ᠠ ᠪᠠ ᠰᠣᠶᠣᠯ ᠤᠨ ᠬᠡᠷᠡᠭᠴᠡᠭᠡ ᠶᠢ ᠬᠠᠩᠭᠠᠬᠤ ᠶᠢᠨ ᠲᠥᠯᠦᠭᠡ᠂ ᠥᠪᠥᠷ | ᠮᠣᠩᠭᠤᠯ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠰᠢᠯᠢ ᠶᠢᠨ ᠭᠤᠣᠯ ᠠᠶᠢᠮᠠᠭ ᠳᠠᠬᠢ ᠬᠤᠪᠢᠶᠠᠷᠢ ᠬᠡᠯᠲᠡᠰ ᠠᠴᠠ | ᠡᠵᠢᠨᠠᠭᠤᠷ ᠪᠠᠯᠭᠠᠰᠤᠨ ᠳᠤ ︽ᠨᠡᠭᠡᠭᠡᠯᠳᠡᠲᠦ ᠶᠡᠭᠡ ᠰᠤᠷᠭᠠᠭᠤᠯᠢ ᠶᠢᠨ ᠨᠣᠮ ᠤᠨ ᠦᠷᠦᠭᠡ︾ ᠶᠢᠨ ᠫᠠᠶᠢᠰᠠ ᠣᠯᠭᠤᠬᠤ | ᠶᠣᠰᠣᠯᠠᠯ ᠶᠠᠪᠤᠭᠤᠯᠵᠤ᠂ ᠰᠢᠯᠢ ᠶᠢᠨ ᠭᠤᠣᠯ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠳᠢᠣ᠋ ᠲᠧᠯᠸᠢᠰ ᠤᠨ | ᠶᠡᠭᠡ ᠰᠤᠷᠭᠠᠭᠤᠯᠢ ᠶᠢᠨ ᠵᠠᠬᠢᠷᠤᠯ ᠰᠦᠨ ᠢᠦᠢ ᠮᠧᠢ ᠪᠣᠯᠣᠨ ᠡᠵᠢᠨᠠᠭᠤᠷ ᠪᠠᠯᠭᠠᠰᠤᠨ ᠤ ᠨᠠᠮ ᠤᠨ ᠬᠤᠷᠢᠶ᠎ᠠ ᠶᠢᠨ | ᠱᠦᠵᠢ ᠬᠠᠮᠲᠤ ᠪᠠᠷ ᠨᠣᠮ ᠤᠨ ᠦᠷᠦᠭᠡ ᠶᠢᠨ ᠫᠠᠶᠢᠰᠠ ᠶᠢ ᠰᠡᠬᠦᠪᠡ᠃ ᠠᠵᠢᠯᠯᠠᠭᠠᠨ ᠤ ᠠᠬᠤᠢ ᠲᠠᠯᠠᠪᠠᠢ ᠳᠤ ᠪᠠᠰᠠ | ᠶᠡᠷᠦᠩᠬᠡᠢ ᠦᠷᠳᠡᠭ ᠨᠢ 10 ᠲᠦᠮᠡᠨ ᠲᠥᠭᠦᠷᠢᠭ ᠤᠨ 3600 ᠭᠠᠷᠤᠢ ᠳᠡᠪᠲᠡᠷ ᠨᠣᠮ ᠪᠢᠴᠢᠭ ᠬᠠᠨᠳᠢᠪᠯᠡᠪᠠ᠃ | ᠡᠳᠡᠭᠡᠷ ᠨᠣᠮ ᠪᠢᠴᠢᠭ ᠨᠢ ᠤᠳᠬ᠎ᠠ ᠵᠣᠬᠢᠶᠠᠯ᠂ ᠲᠡᠦᠬᠡ᠂ ᠰᠢᠨᠵᠢᠯᠡᠬᠦ ᠤᠬᠠᠭᠠᠨ ᠮᠡᠷᠭᠡᠵᠢᠯ᠂ ᠬᠠᠤᠯᠢ ᠴᠠᠭᠠᠵᠠ ᠵᠡᠷᠭᠡ | ᠤᠯᠠᠨ ᠬᠦᠷᠢᠶ᠎ᠡ ᠬᠡᠪᠴᠢᠶ᠎ᠡ ᠶᠢ ᠬᠠᠮᠤᠷᠴᠠᠢ᠃ ᠠᠵᠢᠯᠯᠠᠭ᠎ᠠ ᠶᠢᠨ ᠡᠴᠦᠰ ᠲᠤ ᠰᠢᠯᠢ ᠶᠢᠨ ᠭᠤᠣᠯ ᠠᠵᠢᠯ | ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠬᠢᠴᠢᠶᠡᠯ ᠬᠥᠮᠦᠵᠢᠯ ᠤᠨ | ᠰᠠᠯᠠᠭᠠᠨ ᠤ ᠪᠠᠭᠰᠢ ᠬᠥᠬᠡ ᠶᠢ ᠤᠷᠢᠵᠤ᠂ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠤᠯᠢ | ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠳᠤ ᠤᠷᠢᠳᠠᠪᠠᠷ ᠬᠡᠷᠡᠭᠵᠢᠭᠦᠯᠬᠦ ᠨᠠᠰᠤᠲᠠᠶᠢᠴᠤᠳ ᠤᠨ ᠡᠷᠬᠡ | ᠠᠰᠢᠭ ᠢ ᠪᠠᠲᠤᠯᠠᠬᠤ ᠬᠠᠤᠯᠢ ᠶᠢᠨ ᠮᠡᠳᠡᠯᠭᠡ︾ ᠭᠡᠬᠦ ᠭᠤᠣᠯ ᠰᠡᠳᠦᠪᠲᠦ ᠲᠠᠶᠢᠯᠤᠮᠵᠢ ᠬᠢᠯᠭᠡᠨ᠂ ᠬᠡᠷᠡᠭ ᠤᠨ ᠵᠢᠱᠢᠶ᠎ᠡ ᠶᠢ | ᠶᠠᠷᠢᠬᠤ᠂ ᠦᠯᠢᠭᠡᠷ ᠶᠠᠷᠢᠬᠤ ᠪᠠᠷ ᠳᠠᠮᠵᠢᠭᠤᠯᠤᠨ᠂ ᠬᠠᠤᠯᠢ ᠴᠠᠭᠠᠵᠠ ᠶᠢᠨ ᠮᠡᠳᠡᠯᠭᠡ ᠶᠢ ᠦᠨᠡᠨ ᠬᠦ ᠤᠯᠠᠨ ᠳᠤ | ᠬᠦᠷᠭᠡᠵᠡᠢ᠃ | ︽ᠨᠣᠮ ᠤᠨ ᠥᠷᠥᠭᠡ ᠨᠡᠭᠡᠭᠡᠬᠦ︾ ᠪᠣᠯ ᠥᠪᠥᠷ ᠮᠣᠩᠭᠤᠯ ᠤᠨ ᠨᠡᠭᠡᠭᠡᠯᠲᠡᠲᠤ ᠶᠡᠭᠡ ᠰᠤᠷᠭᠠᠭᠤᠯᠢ ᠶᠢᠨ ᠪᠥᠬᠦ | ᠥᠪᠡᠷᠲᠡᠭᠡᠨ ᠵᠠᠰᠠᠬᠤ ᠣᠷᠣᠨᠳᠤ ᠬᠠᠨᠳᠤᠭᠤᠯᠤᠭᠰᠠᠨ ᠨᠢᠭᠡ ᠵᠦᠢᠯ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ | ᠲᠥᠷᠥᠯ ᠵᠦᠢᠯ ᠪᠣᠯᠣᠨ᠎ᠠ᠃ ᠣᠳᠣᠬᠠᠨ ᠳᠤ᠂ ᠪᠥᠬᠦ ᠬᠤᠰᠢᠭᠤᠨ ᠤ ᠬᠡᠪᠴᠢᠶᠡᠨᠳᠦ ᠨᠢᠭᠡᠨᠲᠡ 2 ᠨᠣᠮ ᠤᠨᠥᠷᠥᠭᠡ | ᠪᠠᠶᠢᠭᠤᠯᠵᠤ᠂ ᠨᠥᠭᠦᠭᠡ ᠨᠢᠭᠡ ᠨᠣᠮ ᠤᠨ ᠥᠷᠥᠭᠡ ᠨᠢ ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ | ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠲᠤ ᠪᠣᠶ᠃ | ᠨᠠᠰᠤᠲᠠᠶᠢᠴᠤᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠠᠬᠢᠭᠤᠯᠵᠤ᠂ ᠰᠡᠳᠬᠢᠴᠡ ᠶᠢᠨ ᠡᠷᠡᠭᠦᠯ | ᠮᠡᠨᠳᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢᠨ ᠲᠥᠯᠥᠭᠡ᠂ 10 ᠰᠠᠷ᠎ᠠ ᠶᠢᠨ 12 ᠤᠨ ᠡᠳᠦᠷ᠂ ᠤᠯᠢᠶᠠᠰᠤᠲᠠᠢ | ᠪᠠᠯᠭᠠᠰᠤᠨ ᠤ ᠰᠦᠨᠪᠤᠯᠠᠭ ᠨᠡᠶᠢᠭᠡᠮ ᠲᠣᠭᠤᠷᠢᠭ ᠲᠤ ︽ᠨᠣᠮ ᠤᠨ ᠥᠷᠥᠭᠡ ᠨᠡᠭᠡᠭᠡᠬᠦ︾ ᠨᠠᠰᠤᠲᠠᠶᠢᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢᠨ ᠮᠡᠳᠡᠯᠭᠡ ᠶᠢᠨ ᠲᠠᠶᠢᠯᠤᠮᠵᠢ ᠡᠷᠭᠢᠯᠡᠵᠦ᠂ ᠲᠠᠶᠢᠯᠤᠮᠵᠢ ᠳᠤ ᠰᠢᠯᠢ ᠶᠢᠨ ᠭᠤᠣᠯ | ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠷᠠᠳᠢᠣ᠋ ᠲᠧᠯᠸᠢᠰ ᠤᠨ ᠶᠡᠭᠡ ᠰᠤᠷᠭᠠᠭᠤᠯᠢ ᠶᠢᠨ ᠵᠠᠬᠢᠷᠤᠯ ᠰᠦᠨ | ᠢᠦᠢ ᠮᠧᠶ ᠶᠢ ᠤᠷᠢᠵᠤ ᠬᠢᠴᠢᠶᠡᠯ ᠣᠷᠣᠭᠤᠯᠪᠠ᠃ ᠰᠦᠨ ᠢᠦᠢ ᠮᠧᠶ ᠱᠤᠭ ᠶᠦᠮᠦᠷᠯᠢᠭ᠂ ᠣᠶᠢᠯᠠᠭᠠᠮᠵᠢᠲᠠᠢ ᠦᠭᠡ | ᠶᠠᠷᠢᠶ᠎ᠠ ᠪᠠᠷ ᠨᠠᠰᠤᠲᠠᠶᠢᠴᠤᠳ ᠤᠨ ᠰᠡᠳᠬᠢᠴᠡ ᠶᠢᠨ ᠠᠰᠠᠭᠤᠳᠠᠯ ᠤᠨ ᠡᠭᠦᠰᠦᠭᠰᠡᠨ ᠰᠢᠯᠲᠠᠭᠠᠨ ᠢ ᠭᠦᠨᠵᠡᠭᠡᠢ ᠪᠥᠭᠡᠳ | ᠣᠶᠢᠯᠠᠭᠠᠮᠵᠢᠲᠠᠢ ᠵᠠᠳᠠᠯᠤᠨ ᠰᠢᠨᠵᠢᠯᠡᠵᠡᠢ᠃ ᠲᠡᠷᠡ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ ᠨᠠᠰᠤᠲᠠᠶᠢᠴᠤᠳ ᠤᠨ | ᠰᠡᠳᠬᠢᠴᠡ ᠶᠢᠨ ᠡᠷᠡᠭᠦᠯ ᠮᠡᠨᠳᠦ ᠶᠢ ᠪᠠᠲᠤᠯᠠᠬᠤ ᠠᠷᠭ᠎ᠠ ᠶᠢ ᠠᠮᠢᠳᠤᠯᠢᠭ ᠢᠶᠠᠷ ᠲᠣᠳᠣᠷᠬᠠᠶᠢᠯᠠᠨ ᠥᠭᠦᠯᠡᠬᠦ ᠶᠢᠨ | ᠬᠠᠮᠲᠤ ᠨᠠᠰᠤᠲᠠᠶᠢᠴᠤᠳ ᠢ ᠪᠡᠶ᠎ᠡ ᠲᠠᠮᠢᠷ ᠤᠨ ᠪᠣᠯᠪᠠᠰᠤᠷᠠᠯ ᠳᠤ ᠢᠳᠡᠪᠬᠢᠲᠡᠢ ᠣᠷᠣᠯᠴᠠᠬᠤ ᠶᠢ ᠵᠣᠷᠢᠭᠵᠢᠭᠤᠯᠵᠤ᠂ | ᠤᠶᠤᠨ ᠲᠠᠷᠢᠬᠢ ᠪᠠᠨ ᠢᠯᠡᠭᠦᠬᠡᠨ ᠬᠡᠷᠡᠭᠯᠡᠵᠦ᠂ ᠴᠢᠷᠮᠠᠶᠢᠨ ᠰᠡᠳᠬᠢᠵᠦ᠂ ᠬᠥᠮᠥᠰ ᠤᠨ ᠬᠤᠭᠤᠷᠣᠨᠳᠣᠬᠢ ᠬᠠᠷᠢᠴᠠᠭ᠎ᠠ | ᠶᠢ ᠵᠥᠪ ᠢᠶᠠᠷ ᠰᠢᠢᠳᠪᠦᠷᠢᠯᠡᠨ᠂ ᠢᠳᠡᠪᠬᠢᠲᠡᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ᠥᠲᠡᠯᠦᠭᠡ ᠨᠠᠰᠤᠨ ᠤ | ᠠᠮᠢᠳᠤᠷᠠᠯ ᠢᠶᠠᠨ ᠪᠠᠶᠠᠯᠢᠭᠵᠢᠭᠤᠯᠬᠤ ᠶᠢ ᠨᠢ ᠬᠦᠰᠡᠵᠡᠢ᠃ | ᠲᠣᠰ ᠤᠳᠠᠭᠠᠨ ᠤ ᠲᠠᠶᠢᠯᠤᠮᠵᠢ ᠪᠠᠷ ᠳᠠᠮᠵᠢᠭᠤᠯᠤᠨ᠂ ᠨᠠᠰᠤᠲᠠᠶᠢᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢ | ᠬᠦᠨᠳᠦᠳᠬᠡᠨ ᠦᠵᠡᠬᠦ ᠶᠠᠪᠤᠳᠠᠯ ᠢ ᠭᠦᠨᠵᠡᠭᠡᠶᠢᠷᠡᠭᠦᠯᠦᠨ᠂ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ | ᠰᠣᠯᠢᠯᠴᠠᠭ᠎ᠠ ᠪᠠ ᠬᠠᠪᠰᠤᠷᠤᠯᠴᠠᠭ᠎ᠠ ᠶᠢ ᠠᠬᠢᠭᠤᠯᠬᠤ ᠶᠢᠨ ᠬᠠᠮᠲᠤ ᠬᠠᠶᠢᠷ᠎ᠠ ᠬᠠᠯᠠᠮᠵᠢ ᠪᠠ ᠬᠠᠯᠠᠭᠤᠨ ᠳᠤᠯᠠᠭᠠᠨ | ᠨᠡᠶᠢᠭᠡᠮ ᠲᠣᠭᠤᠷᠢᠭ ᠤᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ |