10 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠪᠦᠬᠦ ᠬᠤᠰᠢᠭᠤᠨ ᠤ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ᠲᠤᠰᠬᠠᠢ ᠰᠡᠳᠤᠪᠲᠤ ᠪᠣᠯᠪᠠᠰᠤᠷᠠᠯ ᠡᠷᠭᠢᠯᠡᠪᠡ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ | ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ | ᠭᠡᠷ ᠤᠨ ᠡᠷᠭᠢᠯᠡᠭᠴᠢ ᠵᠧᠦ ᠸᠧ ᠮᠢᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃ ᠪᠥᠬᠦ ᠬᠤᠰᠢᠭᠤᠨ ᠤ ᠡᠯ᠎ᠡ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ 230 ᠭᠠᠷᠤᠢ ᠬᠥᠮᠥᠨ ᠪᠣᠯᠪᠠᠰᠤᠷᠠᠯ ᠳᠤ | ᠣᠷᠣᠯᠴᠠᠵᠠᠢ᠃ | ᠵᠧᠦ ᠸᠧ ᠮᠢᠨ ᠴᠢᠬᠤᠯᠠᠴᠢᠯᠠᠭᠰᠠᠨ ᠨᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ | ᠬᠥᠮᠦᠵᠢᠯ ᠤᠨ ᠠᠵᠢᠯ ᠢ ᠡᠬᠢᠯᠡᠭᠦᠯᠦᠭᠰᠡᠨ ᠠᠴᠠ ᠨᠠᠭᠠᠰᠢ᠂ ᠡᠯ᠎ᠡ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠨᠤᠭᠤᠳ ᠬᠤᠰᠢᠭᠤ ᠨᠠᠮ ᠤᠨ ᠬᠤᠷᠢᠶᠠᠨ ᠤ ᠵᠢᠱᠢᠶ᠎ᠡ ᠦᠵᠡᠭᠦᠯᠬᠦ ᠳᠠᠶᠢᠴᠢᠯᠠᠯᠲᠠ ᠳᠣᠣᠷ᠎ᠠ᠂ ᠭᠤᠣᠯ | ᠰᠡᠳᠦᠪᠲᠦ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠠ ᠲᠠᠪᠤᠨ ᠵᠦᠢᠯ ᠤᠨ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠳᠤ | ᠠᠩᠬᠠᠷᠤᠯ ᠢᠶᠠᠨ ᠲᠥᠪᠯᠡᠷᠡᠭᠦᠯᠤᠨ᠂ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠠᠷᠭ᠎ᠠ ᠬᠡᠮᠵᠢᠶ᠎ᠡ ᠪᠠᠨ | ᠴᠢᠩᠭᠠᠷᠠᠭᠤᠯᠤᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠠᠵᠢᠯ ᠳᠤ | ᠢᠯᠡᠳᠲᠡ ᠦᠷ᠎ᠡ ᠪᠦᠲᠦᠮᠵᠢ ᠣᠯᠣᠭᠰᠠᠨ ᠪᠠᠶᠢᠨ᠎ᠠ᠃ ᠭᠡᠪᠡᠴᠦ ᠦᠵᠡᠯ ᠰᠠᠨᠠᠭ᠎ᠠ ᠲᠠᠨᠢᠯᠲᠠ ᠪᠠᠨ | ᠪᠣᠳᠠᠲᠠᠶᠢᠵᠢᠭᠤᠯᠤᠭᠰᠠᠨ ᠢᠶᠠᠷ ᠬᠦᠷᠦᠯᠴᠡᠬᠦ ᠦᠭᠡᠢ᠂ ᠠᠵᠢᠯ ᠢᠶᠠᠨ ᠥᠷᠨᠢᠭᠦᠯᠦᠭᠰᠡᠨ ᠨᠢ ᠲᠡᠩᠴᠡᠭᠦᠷᠢ ᠦᠭᠡᠢ᠂ | ᠤᠬᠠᠭᠤᠯᠭ᠎ᠠ ᠶᠢᠨ ᠠᠭᠤᠷ ᠠᠮᠢᠰᠬᠤᠯ ᠢ ᠪᠤᠢ ᠪᠣᠯᠭᠠᠭᠰᠠᠨ ᠨᠢ ᠰᠠᠶᠢᠨ ᠪᠢᠰᠢ ᠵᠡᠷᠭᠡ ᠲᠠᠪᠤᠨ ᠵᠦᠢᠯ ᠤᠨ ᠠᠷᠭ᠎ᠠ | ᠬᠡᠮᠵᠢᠶ᠎ᠡ ᠶᠢ ᠨᠢᠭᠡ ᠴᠣᠭᠴᠠᠵᠢᠭᠤᠯᠤᠨ ᠠᠬᠢᠭᠤᠯᠬᠤ ᠠᠰᠠᠭᠤᠳᠠᠯ ᠣᠷᠣᠰᠢᠵᠤ ᠪᠠᠶᠢᠨ᠎ᠠ᠃ ᠪᠦᠬᠦ ᠬᠤᠰᠢᠭᠤᠨ ᠤ ᠡᠯ᠎ᠡ | ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠤᠯᠤᠰ ᠲᠥᠷᠥ ᠶᠢᠨ ᠵᠣᠭᠰᠣᠴᠠ ᠪᠠᠨ | ᠳᠡᠭᠡᠭᠰᠢᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ | ᠱᠦᠵᠢ ᠶᠢᠨ ᠭᠤᠣᠯ ᠰᠡᠳᠦᠪᠲᠦ ᠬᠥᠮᠦᠵᠢᠯ ᠤᠨ ᠲᠤᠬᠠᠢ ᠰᠢᠷᠢᠰ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠳᠡᠭᠡᠷ᠎ᠡ ᠨᠢᠭᠡᠳᠬᠡᠵᠦ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠪᠠᠶᠢᠷᠢᠯᠠᠭᠤᠯᠤᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ | ᠬᠤᠷᠢᠶ᠎ᠠ ᠪᠠ ᠬᠤᠰᠢᠭᠤ ᠨᠠᠮ ᠤᠨ ᠬᠤᠷᠢᠶ᠎ᠠ ᠶᠢᠨ ᠪᠣᠳᠠᠲᠠᠢ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠨᠠᠷᠢᠨ ᠨᠢᠮᠪᠠᠢ | ᠵᠣᠬᠢᠶᠠᠨ ᠪᠠᠶᠢᠭᠤᠯᠤᠨ ᠲᠥᠯᠥᠪᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠢ ᠰᠠᠶᠢᠲᠤᠷ ᠠᠳᠬᠤᠵᠤ᠂ ᠭᠤᠣᠯ | ᠰᠡᠳᠦᠪᠲᠦ ᠬᠥᠮᠦᠵᠢᠯ ᠢ ᠰᠠᠶᠢᠬᠠᠨ ᠡᠬᠢᠯᠡᠭᠦᠯᠤᠨ ᠰᠠᠶᠢᠬᠠᠨ ᠲᠡᠭᠦᠰᠭᠡᠵᠤ ᠰᠠᠶᠢᠬᠠᠨ ᠬᠢᠵᠤ ᠰᠠᠶᠢᠨ ᠦᠷ᠎ᠡ ᠪᠥᠲᠤᠮᠵᠢ | ᠤᠯᠬᠤ ᠶᠢ ᠪᠠᠲᠤᠯᠠᠬᠤ ᠬᠡᠷᠡᠭᠲᠡᠢ᠃ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠵᠦ᠂ ᠰᠤᠳᠤᠯᠤᠨ ᠶᠠᠷᠢᠯᠴᠠᠬᠤ ᠳᠤ ᠲᠦᠷᠦᠭᠦᠯᠡᠨ ᠣᠷᠣᠯᠴᠠᠵᠤ ᠂ ᠪᠠᠶᠢᠴᠠᠭᠠᠨ ᠰᠤᠳᠤᠯᠤᠯᠲᠠ ᠢ | ᠲᠦᠷᠦᠭᠦᠯᠡᠨ ᠥᠷᠨᠢᠭᠦᠯᠵᠦ᠂ ᠤᠯᠠᠨ ᠲᠦᠮᠡᠨ ᠤ ᠰᠠᠨᠠᠯ ᠢ ᠲᠦᠷᠦᠭᠦᠯᠡᠨ ᠰᠣᠨᠣᠰᠴᠤ᠂ ᠠᠰᠠᠭᠤᠳᠠᠯ ᠢ ᠲᠦᠷᠦᠭᠦᠯᠡᠨ | ᠪᠠᠶᠢᠴᠠᠭᠠᠨ ᠳᠡᠯᠭᠡᠵᠦ᠂ ᠴᠡᠭᠴᠡᠯᠡᠨ ᠰᠠᠶᠢᠵᠢᠷᠠᠭᠤᠯᠬᠤ ᠶᠢ ᠲᠦᠷᠦᠭᠦᠯᠡᠨ ᠰᠠᠶᠢᠲᠤᠷ ᠠᠳᠬᠤᠵᠤ ᠂ ᠡᠯ᠎ᠡ ᠵᠦᠢᠯ ᠤᠨ | ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠷᠦᠭᠦᠯᠡᠨ ᠰᠠᠶᠢᠲᠤᠷ ᠠᠳᠬᠤᠵᠤ᠂ ᠪᠡᠶ᠎ᠡ ᠪᠠᠷ ᠢᠶᠠᠨ ᠬᠡᠪ ᠳᠦᠷᠢᠮ | ᠪᠤᠯᠭᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠵᠤ ᠨᠡᠩ ᠰᠠᠶᠢᠨ ᠪᠠᠶᠢᠳᠠᠯ ᠢᠶᠠᠷ ᠭᠤᠣᠯ ᠰᠡᠳᠦᠪᠲᠦ | ᠬᠥᠮᠦᠵᠢᠯ ᠢ ᠰᠠᠶᠢᠲᠤᠷ ᠥᠷᠨᠢᠬᠦᠯᠤᠨ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ | ᠣᠯᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠲᠣᠰ ᠤᠳᠠᠭᠠᠨ ᠤ ᠪᠤᠯᠪᠠᠰᠤᠷᠠᠯ ᠢᠶᠠᠷ ᠠᠵᠠ ᠲᠣᠬᠢᠶᠠᠯ | ᠪᠣᠯᠭᠠᠵᠤ᠂ ᠠᠵᠢᠯ ᠤᠨ ᠰᠡᠳᠬᠢᠮᠵᠢ ᠪᠠᠨ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠭᠤᠣᠯ ᠰᠡᠳᠦᠪᠲᠦ | ᠬᠥᠮᠦᠵᠢᠯ ᠢ ᠠᠳᠬᠤᠬᠤ ᠴᠢᠳᠠᠪᠤᠷᠢ ᠪᠠ ᠬᠡᠪ ᠴᠢᠨᠠᠷ ᠢᠶᠠᠨ ᠳᠡᠭᠡᠭᠰᠢᠯᠡᠭᠦᠯᠦᠨ᠂ ᠰᠤᠷᠤᠯᠴᠠᠯᠭ᠎ᠠ ᠪᠤᠯᠪᠠᠰᠤᠷᠠᠯ ᠤᠨ | ᠦᠷ᠎ᠡ ᠪᠦᠲᠦᠭᠡᠯ ᠢᠶᠠᠨ ᠦᠳᠲᠡᠷ ᠲᠦᠷᠭᠡᠨ ᠬᠤᠪᠢᠷᠠᠭᠤᠯᠵᠤ᠂ ᠦᠵᠡᠯ ᠰᠠᠨᠠᠭ᠎ᠠ ᠪᠠᠨ ᠴᠢᠩᠭᠠᠷᠠᠭᠤᠯᠬᠤ᠂ | ᠴᠢᠳᠠᠪᠤᠷᠢ ᠪᠠᠨ ᠳᠡᠭᠡᠭᠰᠢᠯᠡᠭᠦᠯᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢ ᠠᠬᠢᠭᠤᠯᠬᠤ | ᠪᠦᠲᠦᠮᠵᠢᠲᠡᠶ ᠠᠷᠭ᠎ᠠ ᠬᠡᠮᠵᠢᠶ᠎ᠡ ᠶᠢ ᠦᠨᠡᠨ ᠬᠦ ᠭᠠᠷᠭᠠᠵᠤ᠂ ᠠᠵᠢᠯ ᠤᠨ ᠰᠠᠶᠢᠨ ᠦᠷ᠎ᠡ ᠪᠦᠲᠦᠮᠵᠢ ᠪᠠᠷ | ᠰᠤᠷᠤᠯᠴᠠᠯᠭ᠎ᠠ ᠪᠤᠯᠪᠠᠰᠤᠷᠠᠯ ᠤᠨ ᠦᠷ᠎ᠡ ᠪᠦᠲᠦᠭᠡᠯ ᠢᠶᠠᠨ ᠰᠢᠯᠭᠠᠨ ᠪᠠᠶᠢᠴᠠᠭᠠᠬᠤ ᠬᠡᠷᠡᠭᠲᠡᠢ ᠭᠡᠵᠡᠢ ᠃ | ᠪᠣᠯᠪᠠᠰᠤᠷᠠᠯ ᠳᠤ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠤᠨ ᠬᠠᠮᠢᠶ᠎ᠠ ᠪᠦᠬᠦᠢ ᠠᠵᠢᠯᠲᠠᠨ ᠠᠴᠠ ︽ᠭᠤᠣᠯ ᠰᠡᠳᠦᠪᠲᠦ ᠬᠥᠮᠦᠵᠢᠯ ᠢ | ᠠᠳᠬᠤᠵᠤ ᠳᠡᠶᠢᠯᠬᠦ ᠦᠭᠡᠢ᠂ ᠰᠠᠶᠢᠲᠤᠷ ᠠᠳᠬᠤᠬᠤ ᠦᠭᠡᠢ ᠪᠠᠶᠢᠬᠤ ᠠᠰᠠᠭᠤᠳᠠᠯ ᠢ ᠬᠠᠨᠳᠤᠯᠭ᠎ᠠ ᠲᠠᠢ ᠪᠠᠷ | ᠬᠦᠴᠦᠯᠡᠨ ᠰᠢᠢᠳᠪᠦᠷᠢᠯᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ ᠭᠤᠣᠯ | ᠰᠡᠳᠦᠪᠲᠦ ᠬᠥᠮᠦᠵᠢᠯ ᠤᠨ ︿ᠣᠶᠢᠯᠠᠭᠠᠭᠴᠢ﹀ ᠪᠣᠯᠭᠠᠶ᠎ᠠ︾ ᠭᠡᠰᠡᠨ ᠭᠤᠣᠯ ᠰᠡᠳᠦᠪ ᠢᠶᠠᠷ᠂ ᠭᠤᠣᠯ ᠰᠡᠳᠦᠪᠲᠦ | ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ᠂ ᠶᠡᠷᠦᠩᠬᠡᠢ ᠱᠠᠭᠠᠷᠳᠠᠯᠭ᠎ᠠ ᠪᠣᠯᠣᠨ ᠬᠠᠷᠠᠯᠲᠠ ᠡᠭᠦᠷᠭᠡ᠂ ᠭᠤᠣᠯ | ᠰᠡᠳᠦᠪᠲᠦ ᠬᠥᠮᠦᠵᠢᠯ ᠢ ᠠᠬᠢᠭᠤᠯᠬᠤ ᠪᠠ ᠡᠵᠡᠮᠳᠡᠬᠦ ᠵᠠᠩᠭᠢᠯᠠᠭ᠎ᠠ ᠶᠢᠨ ᠠᠰᠠᠭᠤᠳᠠᠯ ᠵᠡᠷᠭᠡ ᠲᠠᠯ᠎ᠠ ᠪᠠᠷ ᠭᠤᠣᠯᠳᠠᠯᠭ᠎ᠠ | ᠲᠠᠢ ᠬᠠᠪᠰᠤᠷᠤᠨ ᠵᠢᠯᠤᠭᠤᠳᠴᠤ ᠪᠣᠯᠪᠠᠰᠤᠷᠠᠯ ᠬᠦᠷᠲᠡᠭᠡᠪᠡ᠃ | |