ᠬᠠᠮᠲᠤᠷᠠᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠬᠢ ᠬᠠᠮᠲᠦᠪᠡᠷ ᠬᠤᠳᠠᠯᠳᠤᠨ ᠠᠪᠬᠤ ᠨᠡᠶᠢᠭᠡᠮ ᠤᠨ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2023/10/26
      ᠬᠥᠳᠡᠭᠡ ᠲᠣᠰᠬᠤᠨ ᠤ ᠪᠣᠯᠪᠠᠰᠤᠨ ᠤ ᠰᠢᠨ᠎ᠡ ᠬᠡᠪ ᠰᠤᠷᠲᠠᠯ ᠢ ᠭᠦᠨᠵᠡᠭᠡᠢ ᠰᠠᠨᠠᠭᠠᠴᠢᠯᠠᠵᠤ ᠵᠠᠩ ᠳᠠᠳᠬᠠᠯ ᠢ ᠥᠭᠡᠷᠡᠴᠢᠯᠡᠬᠦ ᠠᠵᠢᠯ ᠢ ᠯᠠᠪᠳᠠᠭᠤᠨ ᠪᠠᠲᠤᠲᠠᠢ ᠠᠬᠢᠭᠤᠯᠬᠤ ᠶᠢᠨ ᠲᠥᠯᠥᠭᠡ᠂ ᠡᠵᠢᠨᠠᠭᠤᠷ ᠪᠠᠯᠭᠠᠰᠤ ᠶᠢᠨ ᠰᠠᠶᠢᠬᠤᠰᠤ᠂ ᠬᠤᠩᠭᠤᠷ᠂ ᠬᠠᠷᠠᠭᠤᠪᠢ 3 ᠭᠠᠴᠠᠭ᠎ᠠ ᠨᠢ ᠵᠡᠭᠦᠨ ᠦᠵᠦᠮᠦᠴᠢᠨ ᠬᠤᠰᠢᠭᠤᠨ ᠤ ᠬᠠᠮᠲᠦᠷᠠᠯ ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠪᠠᠶᠢᠭᠤᠯᠬᠤ ᠶᠢ ᠬᠠᠶᠢᠨ ᠰᠦᠪᠡᠭᠴᠢᠯᠡᠵᠦ᠂ ᠭᠠᠵᠠᠷ ᠣᠷᠣᠨ ᠤ ᠪᠠᠨ ᠪᠣᠳᠠᠲᠤ ᠪᠠᠶᠢᠳᠠᠯ ᠲᠠᠢ ᠤᠶᠠᠯᠳᠤᠭᠤᠯᠤᠨ ︽ᠠᠷᠠᠯᠵᠢᠶ᠎ᠠ ᠬᠤᠳᠠᠯᠳᠤᠭᠠᠨ ᠤ ᠬᠢᠵᠠᠭᠠᠷᠲᠤ ᠺᠣᠮᠫᠠᠨᠢ + ᠭᠠᠴᠠᠭᠠᠨ ᠤ ᠬᠠᠮᠲᠤ ᠶᠢᠨ ᠬᠤᠷᠰᠢᠶᠠᠵᠢᠯ + ᠮᠠᠯᠵᠢᠬᠤ ᠡᠷᠦᠬᠡ︾ ᠭᠡᠰᠡᠨ ᠬᠤᠯᠪᠤᠭᠠᠯᠠᠨ ᠬᠠᠮᠲᠤ ᠪᠠᠷ ᠪᠠᠶᠢᠭᠤᠯᠬᠤ ᠵᠠᠭᠪᠤᠷ ᠢ ᠪᠥᠷᠢᠯᠳᠤᠭᠦᠯᠵᠤ᠂ ︽ᠮᠠᠯᠵᠢᠬᠤ ᠡᠷᠦᠬᠡ ᠶᠢᠨ ᠵᠠᠬᠢᠶᠠᠯᠠᠭ᠎ᠠ + ᠬᠠᠮᠲᠤᠷᠠᠯ ᠦᠢᠯᠡᠴᠢᠯᠡᠭᠡᠨ ᠤ ᠠᠩᠭᠢ ᠣᠷᠣᠯᠠᠨ ᠵᠠᠬᠢᠶᠠᠯᠠᠬᠤ︾ ᠬᠡᠯᠪᠡᠷᠢ ᠶᠢ ᠬᠡᠷᠡᠭᠡᠯᠡᠵᠦ᠂ ᠮᠠᠯᠵᠢᠬᠤ ᠣᠷᠣᠨ ᠳᠤ ᠵᠣᠬᠢᠶᠠᠨ ᠪᠠᠶᠢᠭᠤᠯᠤᠯᠲᠠ ᠲᠠᠢ᠂ ᠬᠤᠷᠰᠢᠶᠠᠵᠢᠭᠰᠠᠨ᠂ ᠲᠤᠰᠬᠠᠶᠢᠵᠢᠭᠰᠠᠨ ᠨᠡᠶᠢᠭᠡᠮ ᠤᠨ ᠦᠢᠯᠡᠴᠢᠯᠡᠭᠡ ᠬᠠᠩᠭᠠᠵᠤ ᠪᠠᠶᠢᠨ᠎ᠠ᠃      ᠬᠠᠮᠲᠤᠷᠠᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ︽ᠮᠠᠯᠵᠢᠬᠤ ᠡᠷᠦᠬᠡ ᠶᠢᠨ ᠵᠠᠬᠢᠶᠠᠯᠠᠭ᠎ᠠ + ᠬᠠᠮᠲᠤᠷᠠᠯ ᠦᠢᠯᠡᠴᠢᠯᠡᠭᠡᠨ ᠤ ᠠᠩᠭᠢ ᠣᠷᠣᠯᠠᠨ ᠵᠠᠬᠢᠶᠠᠯᠠᠬᠤ︾ ᠬᠡᠯᠪᠡᠷᠢ ᠪᠠᠷ᠂ ᠵᠠᠬᠢᠶᠠᠯᠠᠭ᠎ᠠ ᠪᠠᠷ ᠬᠤᠳᠠᠯᠳᠤᠨ ᠠᠪᠬᠤ ᠪᠠ ᠪᠣᠷᠣᠯᠠᠭᠤᠯᠬᠤ ᠶᠠᠪᠤᠴᠠ ᠳᠤ ᠪᠣᠶ ᠪᠣᠯᠤᠭᠰᠠᠨ ᠡᠯ᠎ᠡ ᠵᠦᠢᠯ ᠤᠨ ᠥᠪᠡᠷ ᠤᠨ ᠥᠷᠲᠡᠭ ᠢ ᠪᠠᠭᠤᠷᠠᠭᠤᠯᠪᠠ᠃ ᠵᠠᠬᠢᠶᠠᠯᠠᠭ᠎ᠠ ᠴᠤᠭᠯᠠᠭᠤᠯᠬᠤ᠂ ᠵᠠᠬᠢᠶᠠᠯᠠᠭ᠎ᠠ ᠶᠢ ᠡᠮᠬᠢᠯᠡᠬᠦ᠂ ᠵᠠᠬᠢᠶᠠᠯᠠᠭ᠎ᠠ ᠶᠢ ᠬᠤᠳᠠᠯᠳᠤᠨ ᠠᠪᠬᠤ ᠠᠴᠠ ᠠᠪᠤᠭᠠᠳ ᠬᠠᠮᠤᠭ ᠡᠴᠦᠰ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠡᠯ᠎ᠡ ᠭᠠᠴᠠᠭᠠᠨ ᠤ ᠬᠤᠯᠪᠣᠭᠠᠴᠢᠨ ᠢ ᠵᠣᠬᠢᠶᠠᠨ ᠪᠠᠶᠢᠭᠤᠯᠵᠤ ︽ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ︾ ᠶᠢᠨ ᠬᠡᠯᠪᠡᠷᠢ ᠪᠠᠷ ᠮᠠᠯᠵᠢᠬᠤ ᠡᠷᠦᠬᠡ ᠶᠢᠨ ᠡᠳ᠋ ᠪᠣᠳᠠᠰ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢ ᠴᠤᠭᠯᠠᠭᠤᠯᠤᠨ ᠪᠦᠷᠢᠳᠬᠡᠵᠦ᠂ ᠴᠠᠭ ᠲᠤᠬᠠᠢ ᠳᠤᠨᠢ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠲᠠᠩᠰᠠ ᠶᠢ ᠡᠮᠬᠢᠯᠡᠨ ᠳᠢᠭᠯᠡᠵᠦ᠂ ᠬᠤᠳᠠᠯᠳᠤᠨ ᠠᠪᠬᠤ ᠨᠠᠷᠢᠨ ᠲᠠᠩᠰᠠ ᠶᠢ ᠪᠦᠷᠢᠯᠳᠦᠭᠦᠯᠬᠦ ᠶᠢᠨ ᠬᠠᠮᠲᠤ ᠵᠠᠬᠢᠶᠠᠯᠠᠭ᠎ᠠ ᠶᠢᠨ ᠲᠤᠭ᠎ᠠ ᠬᠡᠮᠵᠢᠶ᠎ᠡ᠂ ᠡᠳ᠋ ᠪᠣᠳᠠᠰ ᠢ ᠲᠥᠷᠥᠯ ᠠᠩᠭᠢᠯᠠᠬᠤ ᠪᠠᠷ ᠳᠠᠮᠵᠢᠭᠤᠯᠤᠨ ᠲᠣᠬᠢᠷᠠᠮᠵᠢᠲᠠᠢ ᠪᠠᠷᠠᠭ᠎ᠠ ᠬᠠᠩᠭᠠᠬᠤ ᠡᠲᠡᠭᠡᠳ ᠢ ᠡᠷᠢᠵᠦ᠂ ᠦᠨ᠎ᠡ ᠴᠢᠨᠠᠷ ᠤᠨ ᠬᠠᠷᠢᠴᠠᠯ ᠢᠶᠠᠷ ᠬᠠᠮᠤᠭ ᠤᠨ ᠥᠨᠳᠥᠷ ᠢ ᠬᠤᠳᠠᠯᠳᠤᠨ ᠠᠪᠴᠤ᠂ ᠬᠠᠮᠤᠭ ᠤᠨ ᠰᠡᠭᠦᠯ ᠳᠤ ᠡᠯ᠎ᠡ ᠭᠠᠴᠠᠭᠠᠨ ᠤ ᠰᠢᠨ᠎ᠡ ᠴᠠᠭ ᠦᠶ᠎ᠡ  ᠶᠢᠨ ᠪᠣᠯᠪᠠᠰᠤᠨ ᠦᠢᠯᠡᠳᠦᠯᠭᠡ ᠶᠢᠨ ᠥᠷᠲᠡᠭᠡ ᠲᠠᠢ ᠵᠣᠯᠭᠠᠭᠤᠯᠵᠤ᠂ ᠭᠠᠴᠠᠭᠠᠨ ᠤ ᠰᠠᠭᠤᠷᠢᠨ ᠭᠠᠵᠠᠷ ᠢᠶᠠᠷ ᠳᠠᠮᠵᠢᠭᠤᠯᠤᠨ ᠮᠠᠯᠵᠢᠬᠤ ᠡᠷᠦᠬᠡ ᠶᠢᠨ ᠵᠠᠬᠢᠶᠠᠯᠠᠭ᠎ᠠ ᠶᠢ ᠬᠥᠮᠥᠷᠭᠡᠯᠡᠨ ᠬᠠᠳᠠᠭᠠᠯᠠᠬᠤ᠂ ᠢᠯᠭᠠᠬᠤ ᠪᠤᠶᠤ ᠰᠢᠭᠤᠳ ᠮᠠᠯᠴᠢᠳ ᠤᠨ ᠭᠡᠷ ᠲᠤ ᠬᠦᠷᠭᠡᠵᠦ ᠪᠠᠶᠢᠨ᠎ᠠ᠃      ᠬᠠᠮᠲᠤᠷᠠᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠲᠤᠰ ᠬᠤᠰᠢᠭᠤᠨ ᠤ 9 ᠰᠤᠮᠤ  ᠪᠠᠯᠭᠠᠰᠤ 62 ᠭᠠᠴᠠᠭᠠᠨ ᠤ 3.4 ᠲᠦᠮᠡᠨ ᠮᠠᠯᠴᠢᠳ ᠲᠤ ᠬᠠᠨᠳᠤᠭᠤᠯᠤᠨ ᠶᠡᠭᠡ ᠬᠡᠮᠵᠢᠶᠡᠨ ᠤ ᠵᠠᠬᠢᠶᠠᠯᠠᠭ᠎ᠠ ᠪᠠᠷ ᠡᠯ᠎ᠡ ᠵᠦᠢᠯ ᠤᠨ ᠥᠪᠡᠷ ᠤᠨ ᠥᠷᠲᠡᠭ ᠢ ᠪᠠᠭᠤᠷᠠᠭᠤᠯᠤᠨ᠂ ᠶᠠᠰᠤ ᠴᠢᠨᠠᠷ ᠪᠤᠶᠤ ᠦᠢᠯᠡᠴᠢᠯᠡᠭᠡᠨ ᠤ ᠵᠢᠭᠤᠷᠠᠯᠳᠤᠭᠠᠨ ᠭᠠᠷᠬᠤ ᠦᠶ᠎ᠡ ᠳᠤ ᠬᠠᠮᠲᠤ ᠪᠠᠷ ᠡᠷᠬᠡ ᠠᠰᠢᠭ ᠢᠶᠠᠨ ᠬᠠᠮᠠᠭᠠᠯᠠᠬᠤ ᠬᠡᠯᠪᠡᠷᠢ ᠪᠠᠷ ᠬᠤᠪᠢ ᠬᠥᠮᠥᠨ ᠤ ᠡᠷᠬᠡ ᠠᠰᠢᠭ ᠬᠠᠯᠳᠠᠯᠭ᠎ᠠ ᠳᠤ ᠤᠴᠠᠷᠠᠬᠤ ᠦᠭᠡᠢ ᠪᠠᠶᠢᠬᠤ ᠶᠢ ᠪᠠᠲᠤᠯᠠᠨ᠂ ᠡᠭᠦᠨ ᠤ ᠤᠯᠠᠮ ᠠᠴᠠ 1+1>2 ᠤᠨ ᠦᠷ᠎ᠡ ᠪᠦᠲᠦᠮᠵᠢ ᠶᠢ ᠪᠣᠶ ᠪᠣᠯᠭᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠲᠦᠮᠡᠨ ᠢ ᠬᠠᠯᠠᠮᠵᠢᠯᠠᠬᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ ᠪᠠᠶᠢᠨ᠎ᠠ᠃      ᠣᠲᠣ ᠪᠣᠯᠲᠠᠯ᠎ᠠ᠂ ᠬᠠᠮᠲᠤᠷᠠᠯ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠨᠢ ᠡᠩ ᠤᠨ ᠦᠨ᠎ᠡ ᠪᠠᠷ 2500 ᠲᠣᠨ ᠨᠡᠭᠦᠷᠡᠰᠦ᠂ 3500 ᠲᠣᠨ ᠲᠡᠵᠢᠭᠡᠯ ᠪᠣᠷᠳᠤᠭ᠎ᠠ᠂ 380 ᠴᠠᠬᠢᠯᠭᠠᠨ ᠬᠥᠳᠡᠯᠭᠡᠭᠦᠷᠲᠦ ᠭᠤᠷᠪᠠᠨ ᠬᠦᠷᠳᠦᠲᠦ ᠲᠡᠷᠭᠡ᠂ 120 ᠵᠢᠵᠢᠭ ᠤᠳᠬᠤᠭᠤᠷ ᠲᠡᠷᠭᠡ᠂ 328 ᠦᠬᠡᠷ ᠲᠡᠵᠢᠭᠡᠬᠦ ᠣᠩᠭᠤᠴᠠ ᠶᠢ ᠨᠢᠭᠡᠨᠲᠡ ᠬᠠᠮᠲᠤ ᠪᠠᠷ ᠬᠤᠳᠠᠯᠳᠤᠨ ᠠᠪᠴᠤ᠂ ᠮᠠᠯᠴᠢᠨ ᠲᠦᠮᠡᠨ ᠳᠤ 300 ᠭᠠᠷᠤᠢ ᠲᠦᠮᠡᠨ ᠲᠥᠭᠦᠷᠢᠭ ᠤᠨ ᠵᠠᠷᠤᠳᠠᠯ ᠠᠷᠪᠢᠯᠠᠵᠤ ᠥᠭᠭᠦᠨ᠂ ᠪᠥᠬᠦ ᠬᠤᠰᠢᠭᠤᠨ ᠤ 62 ᠭᠠᠴᠠᠭᠠᠨ ᠤ 6000 ᠭᠠᠷᠤᠢ ᠮᠠᠯᠴᠢᠨ ᠡᠷᠦᠬᠡ ᠳᠤ ᠦᠢᠯᠡᠴᠢᠯᠡᠭᠡ ᠬᠠᠩᠭᠠᠵᠤ ᠪᠠᠶᠢᠨ᠎ᠠ᠃  
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号