10 ᠰᠠᠷ᠎ᠠ ᠶᠢᠨ 17 ᠤ ᠡᠳᠦᠷ᠂ ᠮᠠᠨ ᠤ ᠬᠤᠰᠢᠭᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠭᠤᠣᠯ ᠰᠡᠳᠣᠪᠲᠦ ᠬᠦᠮᠦᠵᠢᠯ ᠤᠨ | ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠵᠢᠴᠢ ᠬᠤᠰᠢᠭᠤ ᠨᠠᠮ ᠤᠨ ᠬᠤᠷᠢᠶ᠎ᠠ ᠶᠢᠨ ᠤᠨᠤᠯ ᠤᠨ | ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2023 ᠣᠨ ᠤ ᠠᠷᠪᠠᠨ ᠭᠤᠷᠪᠠᠳᠣᠭᠠᠷ ᠣᠳᠠᠭᠠᠨ ᠤ | ᠰᠣᠷᠣᠯᠴᠠᠯᠭ᠎ᠠ ᠶᠢᠨ ᠬᠤᠷᠠᠯ ᠬᠤᠷᠠᠯᠳᠤᠭᠤᠯᠪᠠ᠃ | ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠵᠢᠶᠠ ᠸᠧᠨ ᠽᠦᠩ | ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠭᠢᠯᠡᠵᠦ᠂ ᠬᠤᠰᠢᠭᠤ | ᠨᠠᠮ ᠤᠨ ᠬᠤᠷᠢᠶᠠᠨ ᠤ ᠤᠨᠤᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠬᠤᠷᠠᠯ ᠳᠤ | ᠣᠷᠣᠯᠴᠠᠵᠠᠶ᠃ | ᠬᠤᠷᠠᠯ ᠠᠴᠠ ᠵᠡᠭᠦᠨ ᠦᠵᠦᠮᠦᠴᠢᠨ ᠬᠤᠰᠢᠭᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠤᠯ | ᠰᠡᠳᠦᠪᠲᠦ ᠬᠥᠮᠦᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠪᠠ᠃ ᠬᠤᠰᠢᠭᠤ ᠨᠠᠮ ᠤᠨ ᠬᠤᠷᠢᠶᠠᠨ ᠤ ᠤᠨᠤᠯ ᠤᠨ | ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠠᠴᠠ ᠤᠯᠤᠰ ᠲᠥᠷᠥ ᠶᠢᠨ ᠴᠢᠳᠠᠪᠤᠷᠢ᠂ | ᠰᠡᠳᠬᠢᠬᠦᠶ ᠶᠢᠨ ᠴᠢᠳᠠᠪᠤᠷᠢ᠂ ᠦᠶᠯᠡᠳᠦᠯᠭᠡ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ ᠰᠤᠳᠤᠯᠤᠨ | ᠶᠠᠷᠢᠯᠴᠠᠬᠤ ᠶᠠᠷᠢᠶ᠎ᠠ ᠲᠠᠯᠪᠢᠪᠠ ᠃ | ᠵᠢᠶᠠ ᠸᠧᠨ ᠽᠦᠩ ᠰᠤᠳᠤᠯᠤᠨ ᠶᠠᠷᠢᠯᠴᠠᠬᠤ ᠬᠤᠷᠠᠯ ᠳᠤ ᠦᠨᠡᠯᠡᠯᠲᠡ ᠬᠢᠭᠰᠡᠨ ᠪᠥᠭᠡᠳ ᠵᠡᠭᠦᠨ ᠦᠵᠦᠮᠦᠴᠢᠨ | ᠬᠤᠰᠢᠭᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠪᠠᠷ ᠨᠠᠷᠢᠨ ᠬᠢᠨᠠᠮᠠᠭᠠᠶ ᠪᠡᠯᠡᠳᠬᠡᠵᠦ ᠪᠠᠶᠢᠭ᠎ᠠ ᠠᠵᠢᠯ | ᠤᠨ ᠪᠠᠶᠢᠳᠠᠯ ᠢ ᠳᠡᠭᠡᠳᠦ ᠬᠡᠮᠵᠢᠶ᠎ᠡ ᠪᠠᠷ ᠨᠤᠲᠠᠯᠠᠵᠠᠶ ᠃ ᠵᠢᠶᠠ ᠸᠧᠠ ᠽᠦᠩ ᠪᠠᠰᠠ ᠤᠨᠤᠯ ᠤᠨ ᠰᠤᠷᠤᠯᠴᠠᠯᠭ᠎ᠠ ᠪᠠᠨ | ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ᠂ ᠪᠠᠶᠢᠴᠠᠭᠠᠨ ᠰᠤᠳᠤᠯᠤᠯᠲᠠ ᠬᠢᠬᠦ ᠱᠠᠭᠠᠷᠳᠠᠯᠭ᠎ᠠ ᠪᠠᠨ ᠭᠦᠨᠵᠡᠭᠡᠶᠢᠷᠡᠭᠦᠯᠦᠨ | ᠪᠣᠳᠠᠲᠠᠢ ᠶᠢ ᠡᠷᠬᠢᠮᠯᠡᠬᠦ᠂ ᠬᠥᠭᠵᠢᠯᠲᠡ ᠶᠢ ᠠᠬᠢᠭᠤᠯᠬᠤ ᠳᠤ ᠪᠣᠳᠠᠲᠤ ᠦᠷ᠎ᠡ ᠪᠦᠲᠦᠮᠵᠢ ᠭᠠᠷᠭᠠᠬᠤ᠂ ᠠᠰᠠᠭᠤᠳᠠᠯ ᠢ | ᠨᠠᠷᠢᠨ ᠬᠢᠨᠠᠮᠠᠭᠠᠢ ᠰᠢᠢᠳᠪᠦᠷᠢᠯᠡᠬᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠲᠤ ᠴᠢᠩᠭ᠎ᠠ ᠬᠦᠴᠦᠨ ᠲᠠᠢ | ᠪᠠᠶᠢᠬᠤ ᠵᠡᠷᠭᠡ ᠲᠠᠯ᠎ᠠ ᠪᠠᠷ ᠳᠠᠷᠠᠭᠠᠴᠢ ᠶᠢᠨ ᠱᠠᠲᠤᠨ ᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ | ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠲᠤᠬᠠᠢ ᠪᠣᠳᠠᠲᠠᠢ ᠠᠵᠢᠯ ᠤᠨ ᠱᠠᠭᠠᠷᠳᠠᠯᠭ᠎ᠠ ᠳᠤᠷᠠᠳᠴᠠᠢ ᠃ | ᠬᠢᠩᠭᠠᠨ ᠣᠪᠣᠷ ᠢᠶᠠᠨ ᠢᠯᠡᠳᠬᠡᠬᠦ ᠶᠠᠷᠢᠶᠠᠨ ᠳᠤ ᠪᠠᠨ ᠴᠢᠬᠤᠯᠠᠴᠢᠯᠠᠬᠤ ᠳᠠᠭᠠᠨ᠂ ᠬᠤᠰᠢᠭᠤ ᠨᠠᠮ ᠤᠨ | ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ ᠪᠦᠷᠢᠯᠳᠦᠬᠦᠨ ᠲᠣᠰ ᠣᠳᠠᠭᠠᠨ ᠤ | ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠪᠠᠷ ᠠᠵᠠ ᠲᠣᠬᠢᠶᠠᠯ ᠪᠣᠯᠭᠠᠵᠤ᠂ ᠤᠯᠤᠰ ᠲᠥᠷᠥ ᠶᠢᠨ ᠵᠣᠭᠰᠣᠴᠠ | ᠪᠠᠨ ᠦᠨᠡᠨ ᠬᠦ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠᠷ ᠢᠶᠠᠨ ︿︿ᠬᠤᠶᠠᠷ ᠢ ᠲᠣᠭᠲᠠᠭᠠᠬᠤ﹀﹀ ᠶᠢ ᠡᠷᠡᠰ | ᠬᠦᠷᠢᠶᠡᠯᠡᠵᠦ᠂ ︿︿ᠬᠤᠶᠠᠷ ᠢ ᠬᠠᠮᠠᠭᠠᠯᠠᠬᠤ﹀﹀ ᠶᠢ ᠡᠷᠡᠰ ᠪᠡᠶᠡᠯᠡᠭᠦᠯᠬᠦ ᠬᠡᠷᠡᠭᠲᠡᠶ᠃ ᠡᠭᠦᠷᠭᠡ ᠶᠢ | ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠨᠢᠭᠡᠳᠬᠡᠬᠦ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠬᠡᠷᠡᠭᠲᠡᠶ᠃ ᠤᠨᠤᠯ ᠤᠨ ᠰᠣᠷᠣᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ | ᠪᠦᠷᠢᠯᠳᠦᠬᠦᠨ ︿︿ᠵᠠᠩᠭᠢᠯᠠᠭ᠎ᠠ ᠶᠢᠨ ᠴᠥᠭᠡᠨ ᠲᠣᠭᠠᠲᠠᠨ﹀﹀ ᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠨᠠᠷᠢᠨ | ᠬᠢᠨᠠᠮᠠᠭᠠᠢ ᠪᠠᠶᠢᠷᠢᠯᠠᠭᠤᠯᠵᠤ᠂ ᠲᠦᠷᠦᠭᠦᠯᠡᠨ ᠰᠤᠷᠤᠯᠴᠠᠵᠤ᠂ ᠰᠤᠷᠤᠯᠴᠠᠬᠤ ᠤᠷᠮ᠎ᠠ ᠰᠡᠳᠬᠢᠯᠭᠡ᠂ ᠰᠤᠷᠤᠯᠴᠠᠬᠤ | ᠦᠷ᠎ᠡ ᠪᠦᠲᠦᠮᠵᠢ ᠶᠢ ᠦᠨᠡᠨ ᠬᠦ ᠪᠦᠯᠬᠦᠮᠳᠡᠨ ᠲᠡᠮᠡᠴᠡᠬᠦ᠂ ᠦᠨᠡᠨ ᠬᠦ ᠠᠳᠬᠤᠨ ᠪᠣᠳᠠᠲᠠᠢ ᠠᠵᠢᠯᠯᠠᠬᠤ ᠬᠦᠴᠦᠷᠬᠡᠭ | ᠶᠡᠭᠡ ᠬᠥᠳᠡᠯᠭᠡᠬᠦ ᠬᠦᠴᠦᠨ ᠪᠤᠯᠠᠭᠠᠨ ᠬᠤᠪᠢᠷᠠᠭᠤᠯᠵᠦ᠂ ᠠᠵᠢᠯ ᠤᠨ ᠬᠠᠮᠲᠤᠷᠠᠭᠰᠠᠨ ᠬᠦᠴᠦᠨ ᠢ ᠨᠢᠭᠲᠠᠷᠠᠭᠤᠯᠵᠤ᠂ | ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ | ᠡᠭᠦᠷᠭᠡ ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ | ᠬᠡᠷᠡᠭᠲᠡᠢ ᠭᠡᠵᠡᠢ᠃ | |