ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠪᠠ ᠭᠠᠯ ᠤᠨᠲᠠᠷᠠᠭᠠᠬᠤ ᠰᠣᠷᠢᠯᠲᠠ ᠶᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2023/10/30
      ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ ᠠᠮᠤᠷ ᠲᠦᠪᠰᠢᠨ ᠢ ᠴᠢᠩᠭᠠᠳᠬᠠᠵᠤ᠂ ᠭᠠᠯ ᠤᠨ ᠭᠠᠮᠰᠢᠭ ᠢ ᠤᠷᠢᠳᠴᠢᠯᠠᠨ ᠰᠡᠷᠭᠡᠶᠢᠯᠡᠬᠦ ᠪᠠ ᠭᠠᠯ ᠤᠨ ᠭᠠᠮᠰᠢᠭ ᠤᠨ ᠬᠥᠨᠥᠭᠡᠯ ᠢ ᠪᠠᠭᠠᠰᠬᠠᠨ᠂ ᠬᠥᠮᠥᠨ ᠬᠠᠷ᠎ᠠ᠂ ᠡᠳ᠋ ᠪᠣᠳᠠᠰ ᠤᠨ ᠠᠮᠤᠷ ᠲᠦᠪᠰᠢᠨ ᠢ ᠬᠠᠮᠠᠭᠠᠯᠠᠵᠤ᠂ ᠰᠠᠭᠤᠭᠠᠯᠢ ᠡᠷᠦᠬᠡ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ ᠶᠢ ᠴᠢᠩᠭᠠᠳᠬᠠᠬᠤ ᠶᠢᠨ ᠲᠥᠯᠥᠭᠡ᠂ 10 ᠰᠠᠷ᠎ᠠ ᠶᠢᠨ 17 ᠤ ᠦᠳᠡ ᠶᠢᠨ ᠡᠮᠦᠨ᠎ᠡ᠂ ᠬᠤᠰᠢᠭᠤ ᠠᠷᠠᠳ ᠤᠨ ᠶᠠᠪᠤᠳᠠᠯ ᠤᠨ ᠲᠣᠪᠴᠢᠶ᠎ᠠ ᠬᠤᠰᠢᠭᠤ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠠᠢ ᠬᠠᠮᠲᠤᠷᠠᠨ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠳᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠪᠠ ᠭᠠᠯ ᠤᠨᠲᠠᠷᠠᠭᠠᠬᠤ ᠰᠣᠷᠢᠯᠲᠠ ᠵᠡᠷᠭᠡ ᠠᠵᠢᠯᠯᠠᠭ᠎ᠠ ᠨᠤᠭᠤᠳ ᠢ ᠥᠷᠨᠢᠭᠦᠯᠪᠡ᠃      ᠲᠣᠰ ᠤᠳᠠᠭᠠᠨ ᠤ ᠰᠣᠷᠢᠯᠲᠠ ᠶᠢ ᠬᠤᠶᠠᠷ ᠠᠯᠬᠤᠮ ᠬᠤᠪᠢᠶᠠᠵᠤ᠂ ᠨᠢᠭᠡᠳᠦᠭᠡᠷ ᠲᠤ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠶᠢᠨ ᠬᠢᠨ ᠠᠴᠠ ᠣᠶᠤᠨᠴᠢ ᠲᠣᠬᠢᠷᠠᠭᠤᠯᠤᠯᠲᠠ ᠶᠢᠨ ᠲᠥᠪ ᠲᠤ ᠬᠦᠷᠢᠶᠡᠯᠡᠩ ᠲᠣᠭᠤᠷᠢᠭ ᠤᠨ ᠠᠵᠢᠯᠲᠠᠳ ᠲᠤ ᠭᠠᠯ ᠤᠨᠲᠠᠷᠠᠭᠠᠬᠤ ᠠᠮᠤᠷ ᠲᠦᠪᠰᠢᠨ ᠤ ᠪᠣᠯᠪᠠᠰᠤᠷᠠᠯ ᠬᠢᠵᠦ᠂ ᠪᠣᠯᠪᠠᠰᠤᠷᠠᠯ ᠳᠠᠭᠤᠰᠤᠭᠰᠠᠨ ᠤ ᠳᠠᠷᠠᠭ᠎ᠠ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠢᠶᠠᠷ ᠠᠩᠬ᠎ᠠ ᠡᠭᠦᠰᠦᠭᠰᠡᠨ ᠭᠠᠯ ᠤᠨ ᠭᠠᠮᠰᠢᠭ ᠢ ᠤᠨᠲᠠᠷᠠᠭᠠᠬᠤ ᠳᠠᠭᠤᠷᠢᠶᠠᠮᠠᠯ ᠰᠣᠷᠢᠯᠲᠠ ᠬᠢᠵᠦ ᠦᠵᠡᠭᠦᠯᠦᠨ᠂ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠢ ᠬᠡᠷᠡᠭᠯᠡᠬᠦ ᠠᠷᠭ᠎ᠠ ᠵᠢᠴᠢ ᠡᠳᠦᠷ ᠲᠤᠲᠤᠮ ᠤᠨ ᠬᠠᠮᠠᠭᠠᠯᠠᠯᠲᠠ ᠪᠠᠶᠢᠴᠠᠭᠠᠯᠲᠠ ᠳᠤᠮᠳᠠᠬᠢ ᠠᠩᠬᠠᠷᠬᠤ ᠵᠦᠢᠯᠡᠰ ᠢ ᠲᠠᠶᠢᠯᠪᠦᠷᠢᠯᠠᠨ ᠲᠤᠬᠠᠢ ᠲᠠᠯᠠᠪᠤᠷ ᠲᠤ ᠲᠤᠷᠰᠢᠵᠤ ᠦᠵᠡᠭᠦᠯᠦᠨ ᠪᠠᠰᠠ ᠬᠥᠮᠥᠰ ᠢ ᠵᠣᠬᠢᠶᠠᠨ ᠪᠠᠶᠢᠭᠤᠯᠤᠨ ᠬᠠᠭᠤᠷᠠᠢ ᠨᠤᠨᠳᠠᠭ ᠤᠨ ᠭᠠᠯ ᠤᠨᠲᠠᠷᠠᠭᠠᠭᠤᠷ ᠢᠶᠠᠷ ᠭᠠᠯ ᠢ ᠰᠡᠷᠭᠡᠶᠢᠯᠡᠬᠦ ᠰᠣᠷᠢᠯᠲᠠ ᠬᠢᠵᠡᠢ᠃ ᠬᠤᠶᠠᠳᠤᠭᠠᠷ ᠲᠤ᠂ ᠠᠰᠠᠷ ᠤᠨ ᠨᠢᠭᠡᠨ ᠥᠷᠦᠭᠡᠨ ᠳᠤ ᠭᠡᠨᠡᠳᠲᠡ ᠪᠠᠷ ᠭᠠᠯ ᠠᠯᠳᠠᠵᠤ ᠨᠢᠭᠡ ᠬᠥᠮᠥᠨ ᠬᠠᠰᠢᠭᠳᠠᠭᠰᠠᠨ ᠢᠶᠠᠷ ᠦᠯᠢᠭᠡᠷᠯᠡᠨ᠂ ᠠᠵᠢᠯᠲᠠᠳ ᠭᠠᠯ ᠤᠨ ᠪᠠᠶᠢᠳᠠᠯ ᠢ ᠮᠡᠳᠡᠭᠰᠡᠨ ᠤ ᠳᠠᠷᠠᠭ᠎ᠠ᠂ ᠬᠦᠷᠢᠶᠡᠯᠡᠩ ᠲᠣᠭᠤᠷᠢᠭ ᠤᠨ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢᠨ ᠵᠢᠯᠤᠭᠤᠳᠬᠤ ᠭᠠᠵᠠᠷ ᠳᠤ ᠮᠡᠳᠡᠭᠦᠯᠦᠨ᠂ ᠳᠡᠳ᠋ ᠶᠡᠷᠦᠩᠬᠡᠢ ᠵᠢᠯᠣᠭᠤᠳᠤᠭᠴᠢ ᠬᠠᠮᠤᠭ ᠤᠨ ᠲᠡᠷᠢᠭᠦᠨ ᠳᠤ ᠰᠣᠷᠢᠯᠲᠠ ᠶᠢᠨ ᠲᠤᠬᠠᠢ ᠶᠢᠨ ᠲᠠᠯᠠᠪᠠᠶ ᠳᠤ ᠬᠦᠷᠴᠦ ︽119︾ ᠳᠤ ᠤᠲᠠᠰᠤᠳᠠᠵᠤ ᠬᠡᠷᠡᠭ ᠮᠡᠳᠡᠭᠦᠯᠦᠨ᠂ ᠬᠥᠮᠥᠰ ᠢ ᠡᠮᠬᠢ ᠵᠢᠷᠤᠮ ᠲᠠᠢ ᠪᠠᠷ ᠲᠠᠷᠬᠠᠭᠠᠨ᠂ ᠴᠠᠬᠢᠯᠭᠠᠨ ᠢ ᠵᠣᠭᠰᠤᠭᠠᠬᠤ ᠶᠢᠨ ᠬᠠᠮᠲᠤ ᠨᠢᠭᠡᠳᠦᠭᠡᠷ ᠪᠦᠯᠦᠭ ᠤᠨ ᠭᠠᠯ ᠤᠨᠲᠠᠷᠠᠭᠠᠬᠤ ᠬᠦᠴᠦᠨ ᠢ ᠵᠣᠬᠢᠶᠠᠨ ᠪᠠᠶᠢᠭᠤᠯᠵᠤ᠂ ᠭᠠᠯ ᠤᠨᠲᠠᠷᠠᠭᠠᠵᠤ ᠠᠪᠤᠷᠠᠨ ᠲᠤᠰᠠᠯᠠᠬᠤ ᠶᠡᠭᠡ ᠠᠩᠭᠢ ᠲᠤᠬᠠᠢ ᠶᠢᠨ ᠲᠠᠯᠠᠪᠠᠶ ᠳᠤ ᠬᠦᠷᠦᠭᠰᠡᠨ ᠤ ᠳᠠᠷᠠᠭ᠎ᠠ ᠠᠪᠤᠷᠠᠨ ᠲᠤᠰᠠᠯᠠᠬᠤ ᠰᠣᠷᠢᠯᠲᠠ ᠥᠷᠨᠢᠭᠦᠯᠦᠭᠰᠡᠨ ᠰᠤᠷᠢᠯᠲᠠ ᠬᠢᠵᠡᠢ᠃      ᠲᠣᠰ ᠤᠳᠠᠭᠠᠨ ᠤ ᠠᠵᠢᠯᠯᠠᠭ᠎ᠠ ᠪᠠᠷ ᠳᠡᠮᠵᠢᠨ᠂ ᠨᠠᠰᠤᠵᠢᠯ ᠤᠨ ᠠᠰᠠᠷᠠᠮᠵᠢ ᠶᠢᠨ  ᠬᠦᠷᠢᠶᠡᠯᠡᠩ ᠤᠨ ᠭᠠᠯ ᠤᠨᠲᠠᠷᠠᠭᠠᠬᠤ ᠠᠮᠤᠷ ᠲᠦᠪᠰᠢᠨ ᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠤᠨ ᠬᠠᠷᠢᠭᠤᠴᠠᠯᠭᠠᠲᠠᠨ ᠤ ᠭᠠᠯ ᠤᠨᠲᠠᠷᠠᠭᠠᠬᠤ ᠠᠮᠤᠷ ᠲᠦᠪᠰᠢᠨ ᠤ ᠤᠬᠠᠮᠰᠠᠷ᠂ ᠭᠠᠯ ᠤᠨᠲᠠᠷᠠᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠬᠤᠰᠢᠭᠤᠨ ᠤ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ ᠶᠢᠨ ᠭᠠᠯ ᠤᠨᠲᠠᠷᠠᠭᠠᠬᠤ ᠠᠮᠤᠷ ᠲᠦᠪᠰᠢᠨ ᠢ ᠪᠠᠲᠤᠯᠠᠬᠤ ᠳᠤ ᠪᠠᠲᠤ ᠪᠠᠬᠢ ᠰᠠᠭᠤᠷᠢ ᠲᠠᠯᠪᠢᠭᠰᠠᠨ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号