10 ᠰᠠᠷ᠎ᠠ ᠵᠨ 18 ᠤ ᠡᠳᠦᠷ᠂ ᠮᠠᠨ ᠤ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ | 2023 ᠣᠨ ᠤ 10 ᠳ᠋ᠤᠭᠠᠷ ᠤᠳᠠᠭᠠᠨ ᠤ ᠠᠵᠢᠯ ᠤᠨ ᠡᠭᠡᠯᠵᠢᠲᠦ ᠬᠤᠷᠠᠯ ᠵᠢᠴᠢ ᠪᠥᠬᠦ ᠬᠤᠰᠢᠭᠤᠨ ᠤ ᠠᠶᠤᠯᠭᠦᠢ | ᠦᠢᠯᠡᠳᠪᠦᠷᠢᠯᠡᠯ ᠤᠨ ᠪᠠᠶᠢᠴᠠᠭᠠᠯᠲᠠ ᠶᠢᠨ ᠪᠠᠶᠢᠷᠢᠯᠠᠭᠤᠯᠤᠯᠲᠠᠶᠢᠨ ᠬᠤᠷᠠᠯ ᠬᠤᠷᠠᠯᠳᠤᠭᠤᠯᠪᠠ᠃ | ᠬᠤᠷᠠᠯ ᠠᠴᠠ ᠣᠶᠢᠷ᠎ᠠ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ | ᠵᠠᠷᠯᠠᠨ ᠮᠡᠳᠡᠭᠳᠡᠭᠰᠡᠨ ᠪᠥᠭᠡᠳ ᠲᠠᠷᠠᠭᠠᠴᠢ ᠶᠢᠨ ᠬᠤᠭᠤᠴᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠳᠤ | ᠪᠣᠳᠠᠲᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤ ᠳᠠᠷᠤᠭ᠎ᠠ | ᠰᠢᠦᠢ ᠢᠩ ᠵᠢᠶᠠᠨ ᠬᠤᠷᠠᠯ ᠡᠷᠭᠢᠯᠡᠵᠦ ᠶᠠᠷᠢᠶ᠎ᠠ ᠲᠠᠯᠪᠢᠵᠠᠢ᠃ | ᠬᠤᠷᠠᠯ ᠠᠴᠠ ᠵᠢᠭᠠᠬᠤ ᠳᠠᠭᠠᠨ᠂ ᠠᠶᠤᠯᠭᠦᠢ ᠦᠢᠯᠡᠳᠪᠦᠷᠢᠯᠡᠯ ᠲᠠᠶᠢᠱᠠᠨ ᠠᠭᠤᠯᠠᠨ ᠠᠴᠠ ᠬᠦᠨᠳᠦ᠂ ᠪᠦᠬᠦ | ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠶᠤᠯᠭᠦᠢ ᠦᠢᠯᠡᠳᠪᠦᠷᠢᠯᠡᠯ ᠤᠨ | ᠰᠢᠨ᠎ᠡ ᠪᠠᠶᠢᠳᠠᠯ ᠪᠣᠯᠣᠨ ᠰᠢᠨ᠎ᠡ ᠱᠠᠭᠠᠷᠳᠠᠯᠭ᠎ᠠ ᠶᠢ ᠦᠨᠡᠨᠬᠦ ᠡᠵᠡᠮᠰᠢᠵᠦ᠂ ᠶᠡᠭᠡ ᠲᠠᠯ᠎ᠠ ᠶᠢ ᠬᠠᠮᠠᠭᠠᠯᠠᠬᠤ᠂ | ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ᠂ ᠰᠠᠭᠤᠷᠢ ᠶᠢ ᠪᠠᠬᠢᠵᠢᠭᠦᠯᠬᠦ ᠥᠨᠳᠥᠷᠴᠡ ᠠᠴᠠ ᠠᠶᠤᠯᠭᠦᠢ | ᠦᠢᠯᠡᠳᠪᠦᠷᠢᠯᠡᠯ ᠤᠨ ᠴᠢᠬᠤᠯᠠ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠠᠶᠤᠯᠭᠦᠢ ᠦᠢᠯᠡᠳᠪᠦᠷᠢᠯᠡᠯ ᠤᠨ | ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠨᠠᠭᠰᠢᠳᠠ ᠴᠢᠩᠭᠠᠳᠬᠠᠵᠤ᠂ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ | ᠠᠵᠢᠯ ᠢ ᠬᠦᠴᠦᠲᠡᠢ ᠪᠦᠲᠦᠮᠵᠢᠲᠡᠢ ᠠᠳᠬᠤᠵᠤ᠂ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ | ᠲᠣᠭᠲᠠᠭᠤᠨ ᠢᠶᠠᠷ ᠰᠠᠶᠢᠵᠢᠷᠠᠬᠤ ᠶᠢ ᠪᠦᠬᠦ ᠬᠦᠴᠦᠨ ᠢᠶᠠᠷ ᠠᠬᠢᠭᠤᠯᠵᠤ᠂ ᠴᠢᠨᠠᠷ ᠰᠠᠶᠢᠲᠠᠢ ᠬᠥᠭᠵᠢᠯᠲᠡ ᠪᠣᠯᠣᠨ | ᠥᠨᠳᠥᠷ ᠲᠦᠪᠰᠢᠨ ᠪᠦᠬᠦᠢ ᠠᠮᠤᠷ ᠲᠦᠪᠰᠢᠨ ᠤ ᠰᠠᠶᠢᠨ ᠦᠢᠯᠡᠳᠦᠯᠴᠡᠯ ᠢ ᠴᠢᠷᠮᠠᠶᠢᠨ ᠪᠡᠶᠡᠯᠡᠭᠦᠯᠬᠦ ᠬᠡᠷᠡᠭᠲᠡᠢ ᠭᠡᠵᠡᠢ᠃ | | ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠤᠮᠤ ᠪᠠᠯᠭᠠᠰᠤ᠂ ᠡᠯ᠎ᠡ ᠰᠠᠯᠠᠭ᠎ᠠ ᠮᠥᠴᠢᠷ ᠤᠨ ᠬᠢᠨ ᠣᠳᠣᠬᠠᠨ ᠤ | ᠠᠶᠤᠯ ᠦᠭᠡᠢ ᠦᠢᠯᠡᠳᠪᠦᠷᠢᠯᠡᠯ ᠳᠤ ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠭᠦᠢᠴᠡᠳ ᠲᠠᠨᠢᠵᠤ᠂ | ᠠᠶᠢᠮᠠᠭ ᠤᠨ ᠳᠣᠲᠣᠨ᠎ᠠ ᠭᠠᠳᠠᠨᠠᠬᠢ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ ᠭᠤᠣᠯᠳᠠᠯᠭ᠎ᠠ ᠲᠠᠢ ᠬᠦᠷᠢᠶ᠎ᠡ | ᠴᠠᠷ᠎ᠠ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠬᠦ ᠶᠢ ᠴᠢᠩᠭ᠎ᠠ ᠠᠩᠬᠠᠷᠴᠤ᠂ ᠪᠥᠬᠦ | ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ᠂ ᠥᠨᠳᠥᠷ ᠠᠴᠠ ᠤᠨᠠᠬᠤ ᠠᠳᠡᠯ ᠢ | ᠰᠡᠷᠭᠡᠶᠢᠯᠡᠬᠦ ᠠᠮᠤᠷ ᠲᠦᠪᠰᠢᠨ ᠤ ᠶᠡᠭᠡ ᠪᠠᠶᠢᠴᠠᠭᠠᠯᠲᠠ ᠵᠡᠷᠭᠡ ᠶᠢ ᠯᠠᠪᠳᠠᠭᠤᠨ ᠪᠠᠲᠤᠲᠠᠢ ᠥᠷᠨᠢᠭᠦᠯᠵᠦ᠂ ᠠᠶᠤᠯᠭᠦᠢ | ᠦᠢᠯᠡᠳᠪᠦᠷᠢᠯᠡᠯ ᠢ ᠦᠨᠡᠨᠬᠦ ᠲᠣᠪᠣᠶᠢᠮ᠎ᠠ ᠪᠠᠶᠢᠷᠢᠨ ᠳᠤ ᠲᠠᠯᠪᠢᠵᠤ᠂ ᠬᠦᠨᠳᠦ ᠶᠡᠭᠡ ᠠᠶᠤᠯ ᠲᠦᠭᠰᠢᠭᠦᠷᠢ ᠶᠢ | ᠰᠡᠷᠭᠡᠶᠢᠯᠡᠨ ᠠᠷᠢᠯᠭᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠬᠦ ᠬᠡᠷᠡᠭᠲᠡᠢ᠃ ᠬᠠᠷᠢᠭᠤᠴᠠᠯᠭᠠᠲᠤ | ᠰᠡᠳᠬᠢᠯᠭᠡ ᠶᠢ ᠢᠮᠠᠭᠲᠠ ᠪᠠᠷᠢᠮᠲᠠᠯᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠬᠠᠷᠢᠭᠤᠴᠠᠯᠭ᠎ᠠ ᠶᠢ | ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠣᠭᠲᠠᠴᠠ ᠶᠢ ᠲᠡᠭᠦᠯᠳᠡᠷᠵᠢᠭᠦᠯᠦᠨ᠂ | ᠨᠠᠶᠢᠳᠠᠪᠤᠷᠢᠵᠢᠭᠤᠯᠤᠯᠲᠠ ᠶᠢ ᠠᠳᠬᠤᠬᠤ ᠰᠤᠷᠲᠠᠯ ᠢ ᠪᠠᠳᠠᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠡᠯ᠎ᠡ | ᠵᠦᠢᠯ ᠤᠨ ᠠᠷᠭ᠎ᠠ ᠬᠡᠮᠵᠢᠶ᠎ᠡ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠪᠥᠬᠦ | ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠠᠮᠤᠷ ᠲᠦᠪᠰᠢᠨ ᠳᠤᠭᠲᠠᠭᠤᠨ ᠨᠡᠶᠢᠭᠡᠮ ᠤᠨ ᠣᠷᠴᠢᠨ ᠢ ᠪᠣᠢ | ᠪᠣᠯᠭᠠᠵᠤ ᠥᠭᠬᠦ ᠬᠡᠷᠡᠭᠲᠡᠢ ᠭᠡᠵᠡᠢ᠃ | ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ | ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ᠂ ᠡᠯ᠎ᠡ | ᠭᠤᠣᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | |