︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠰᠤᠷᠤᠯᠴᠠᠯᠭ᠎ᠠ ᠶᠢᠨ ᠲᠠᠪᠴᠠᠩ ᠢ ᠪᠠᠶᠢᠭᠤᠯᠬᠤ | ᠪᠣᠯ ᠶᠡᠷᠦᠩᠬᠡᠢ ᠱᠦᠵᠢ ᠰᠢ ᠶᠢᠨ ᠫᠢᠩ ᠤᠨ ᠰᠤᠷᠤᠯᠴᠠᠯᠭ᠎ᠠ ᠶᠢ ᠴᠢᠩᠭᠠᠳᠬᠠᠬᠤ᠂ ᠰᠤᠷᠤᠯᠴᠠᠯᠭ᠎ᠠ ᠶᠢᠨ ᠶᠡᠭᠡ ᠤᠯᠤᠰ | ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠠᠶᠢᠭᠤᠯᠬᠤ᠂ ᠪᠦᠬᠦ ᠨᠠᠮ ᠤᠨ ᠶᠡᠭᠡ ᠰᠤᠷᠤᠯᠴᠠᠯᠭ᠎ᠠ ᠶᠢ | ᠠᠬᠢᠭᠤᠯᠬᠤ ᠬᠦᠴᠦᠲᠡᠢ ᠭᠠᠷᠳᠠᠴᠠ ᠮᠥᠨ᠃ 10 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ︽ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠰᠤᠷᠤᠯᠴᠠᠯᠭ᠎ᠠ ᠶᠢᠨ ᠲᠠᠪᠴᠠᠩ ᠢ | ᠰᠤᠷᠤᠯᠴᠠᠨ ᠬᠡᠷᠡᠭᠯᠡᠬᠦ ᠶᠢ ᠲᠦᠭᠡᠮᠡᠯᠵᠢᠭᠦᠯᠬᠦ ᠠᠵᠢᠯ ᠤᠨ ᠪᠣᠯᠪᠠᠰᠤᠷᠠᠯ ᠤᠨ ᠬᠤᠷᠠᠯ ᠶᠠᠪᠤᠭᠳᠠᠭᠤᠯᠪᠠ ᠃ | ᠬᠤᠷᠠᠯ ᠠᠴᠠ ᠮᠠᠨ ᠤ ᠬᠤᠰᠢᠭᠤᠨ ᠤ《 ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》 ᠶᠢᠨ | ᠶᠡᠷᠦᠩᠬᠡᠶ ᠬᠤᠷᠠᠮᠳᠤᠯ ᠬᠤᠪᠢ ᠳᠤ ᠵᠠᠳᠠᠯᠤᠯᠲᠠ ᠬᠢᠬᠦ ᠶᠢᠨ ᠬᠠᠮᠲᠤ᠂ ᠣᠳᠣᠬᠠᠨ ᠤ ᠪᠠ ᠬᠤᠶᠢᠰᠢᠳᠠ ᠶᠢᠨ ᠨᠢᠭᠡ | ᠬᠤᠭᠤᠴᠠᠭᠠᠨ ᠤ《ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠰᠤᠷᠤᠯᠴᠠᠯᠭ᠎ᠠ ᠶᠢᠨ ᠲᠠᠪᠴᠠᠩ ᠤᠨ | ᠪᠠᠶᠢᠭᠤᠯᠤᠯᠲᠠ ᠬᠠᠮᠢᠶᠠᠷᠤᠯᠲᠠ ᠵᠢᠴᠢ ᠬᠠᠮᠢᠶ᠎ᠠ ᠪᠥᠬᠦᠶ ᠠᠵᠢᠯ ᠳᠤ ᠪᠠᠶᠢᠷᠢᠯᠠᠭᠤᠯᠤᠯᠲᠠ ᠬᠢᠪᠠ᠃ ᠪᠥᠬᠦ ᠬᠤᠰᠢᠭᠤᠨ ᠤ | 13 ᠬᠠᠮᠢᠶᠠᠷᠤᠯᠲᠠ ᠶᠢᠨ ᠳᠤᠭᠤᠶᠢᠯᠠᠩ ᠤᠨ ᠭᠤᠤᠯ ᠬᠠᠷᠢᠭᠤᠴᠠᠯᠭᠠᠲᠠᠨ ᠨᠥᠬᠦᠳ᠂ ᠬᠡᠰᠡᠭ ᠰᠣᠷᠣᠯᠴᠠᠯᠭ᠎ᠠ ᠶᠢᠨ | ᠳᠤᠭᠤᠶᠢᠯᠠᠩ ᠤᠨ ᠬᠠᠷᠢᠭᠤᠴᠠᠯᠭᠠᠲᠠᠨ ᠨᠥᠬᠦᠳ ᠪᠣᠯᠪᠠᠰᠤᠷᠠᠯ ᠤᠨ ᠬᠤᠷᠠᠯ ᠳᠤ ᠣᠷᠣᠯᠴᠠᠪᠠ ᠃ | ᠪᠣᠯᠪᠠᠰᠤᠷᠠᠯ ᠨᠢ 《 ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠰᠤᠷᠤᠯᠴᠠᠯᠭ᠎ᠠ ᠶᠢᠨ | ᠲᠠᠪᠴᠠᠩ ᠤᠨ ᠴᠢᠬᠤᠯᠠ ᠴᠢᠨᠠᠷ᠂ ᠠᠵᠢᠯᠯᠠᠭᠠᠨ ᠤ ᠵᠢᠷᠤᠮᠵᠢᠯ ᠬᠢᠭᠡᠳ ᠠᠩᠬᠠᠷᠬᠤ ᠵᠦᠶᠯ᠂ ᠡᠬᠡ ᠪᠢᠴᠢᠭ ᠤᠨ | ᠲᠥᠯᠥᠪᠵᠢᠭᠦᠯᠭᠡ᠂ ᠨᠠᠶᠢᠳᠠᠪᠤᠷᠢᠵᠢᠭᠤᠯᠤᠯᠲᠠ ᠵᠢᠴᠢ ᠰᠤᠷᠤᠯᠴᠠᠯᠭ᠎ᠠ ᠶᠢᠨ ᠲᠠᠪᠴᠠᠩ ᠢ ᠬᠡᠷᠬᠢᠨ ᠠᠰᠢᠭᠯᠠᠨ ᠣᠨᠣᠯ ᠤᠨ | ᠰᠤᠷᠤᠯᠴᠠᠯᠭ᠎ᠠ ᠥᠷᠨᠢᠭᠦᠯᠬᠦ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠶ ᠲᠠᠶᠢᠯᠤᠮᠵᠢ ᠬᠢᠪᠠ ᠃ ᠲᠠᠷᠠᠭ᠎ᠠ ᠨᠢ᠂ | ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠬᠠᠷᠢᠭᠤᠴᠠᠯᠭᠠᠲᠠᠨ ᠠᠴᠠ《ᠰᠤᠷᠤᠯᠴᠠᠯᠭ᠎ᠠ ᠪᠠᠷ ᠤᠯᠤᠰ | ᠢᠶᠠᠨ ᠬᠦᠴᠦᠷᠭᠡᠭᠵᠢᠭᠦᠯᠬᠦ》ᠠᠵᠢᠯ ᠤᠨ ᠲᠤᠷᠰᠢᠯᠭ᠎ᠠ ᠶᠢᠨ ᠲᠤᠬᠠᠢ ᠰᠠᠨᠠᠯ ᠢᠶᠠᠨ ᠰᠣᠯᠢᠯᠴᠠᠪᠠ᠃ | ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠨᠢ ᠪᠢᠳᠡᠨ ᠤ《 | ᠰᠤᠷᠤᠯᠴᠠᠯᠭ᠎ᠠ ᠪᠠᠷ ᠤᠯᠤᠰ ᠢᠶᠠᠨ ᠬᠦᠴᠦᠷᠭᠡᠭᠵᠢᠭᠦᠯᠬᠦ》ᠰᠤᠷᠤᠯᠴᠠᠯᠭ᠎ᠠ ᠶᠢᠨ ᠲᠠᠪᠴᠠᠩ ᠤᠨ ᠲᠤᠬᠠᠶ ᠲᠠᠨᠢᠯᠲᠠ ᠶᠢ | ᠨᠡᠩ ᠳᠡᠭᠡᠭᠰᠢᠯᠡᠭᠦᠯᠦᠭᠰᠡᠨ ᠪᠠᠶᠢᠵᠦ᠂ ᠬᠤᠶᠢᠰᠢᠳᠠ ᠶᠢᠨ ᠠᠵᠢᠯ ᠤᠨ ᠳᠣᠮᠲᠠ ᠪᠠᠨ《ᠰᠤᠷᠤᠯᠴᠠᠯᠭ᠎ᠠ ᠪᠠᠷ ᠤᠯᠤᠰ | ᠢᠶᠠᠨ ᠬᠦᠴᠦᠷᠭᠡᠭᠵᠢᠭᠦᠯᠬᠦ》ᠰᠤᠷᠤᠯᠴᠠᠯᠭ᠎ᠠ ᠶᠢᠨ ᠲᠠᠪᠴᠠᠩ ᠤᠨ ᠵᠠᠭᠤᠴᠢᠯᠠᠭᠤᠷ ᠤᠨ ᠰᠢᠨ᠎ᠡ ᠰᠠᠭᠤᠷᠢᠨ ᠭᠠᠵᠠᠷ᠂ | ᠰᠤᠷᠤᠯᠴᠠᠯᠭ᠎ᠠ ᠶᠢᠨ ᠰᠢᠨ᠎ᠡ ᠲᠠᠪᠴᠠᠩ᠂ ᠤᠬᠠᠭᠤᠯᠭ᠎ᠠ ᠶᠢᠨ ᠰᠢᠨ᠎ᠡ ᠴᠤᠩᠬᠤᠪᠴᠢ ᠶᠢᠨ ᠦᠶᠯᠡᠳᠦᠯ ᠢ ᠨᠠᠩ | ᠰᠠᠶᠢᠲᠤᠷ ᠪᠠᠳᠠᠷᠠᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ | ᠣᠶᠤᠨ ᠰᠠᠨᠠᠭᠠᠨ ᠤ ᠬᠦᠴᠦᠨ ᠨᠡᠮᠡᠷᠢᠯᠡᠨ᠎ᠡ ᠭᠡᠵᠡᠶ ᠃ |