ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠵᠡᠭᠦᠨ ᠬᠡᠰᠡᠭ ᠤᠨ ᠰᠤᠮᠤ ᠪᠠᠯᠭᠠᠰᠤ ( ᠲᠠᠯᠠᠪᠠᠢ ) ᠳᠤ ᠭᠦᠨᠵᠡᠭᠡᠶᠢᠷᠡᠨ ᠭᠤᠤᠯᠳᠠᠯᠭ᠎ᠠ ᠲᠠᠢ ᠠᠵᠢᠯ ᠤᠨ ᠥᠷᠨᠢᠭᠰᠡᠨ ᠪᠠᠶᠢᠳᠠᠯ ᠢ ᠪᠠᠶᠢᠴᠠᠭᠠᠨ ᠰᠤᠳᠤᠯᠵᠤ ᠱᠠᠭᠠᠷᠳᠠᠨ ᠵᠢᠯᠣᠭᠤᠳᠪᠠ
ᠨᠡᠶᠢᠲᠡᠯᠡᠭᠰᠡᠨ ᠴᠠᠭ᠄
2023/10/31
      10 ᠰᠠᠷ᠎ᠠ ᠶᠢᠨ 18 ᠤ ᠡᠳᠦᠷ ᠠᠴᠠ 19 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠰᠠᠮᠠᠢ ᠰᠤᠮᠤ᠂ ᠮᠠᠨᠳᠤᠬᠤᠪᠤᠯᠠᠭ ᠪᠠᠯᠭᠠᠰᠤ᠂ ᠪᠣᠭᠳᠠ ᠠᠭᠤᠯᠠ ᠣᠶ ᠰᠢᠭᠤᠶ ᠶᠢᠨ ᠲᠠᠯᠠᠪᠠᠶ ᠵᠡᠷᠭᠡ ᠵᠡᠭᠦᠨ ᠬᠡᠰᠡᠭ ᠤᠨ ᠰᠤᠮᠤ ᠪᠠᠯᠭᠠᠰᠤ ︵ᠲᠠᠯᠠᠪᠠᠶ︶ ᠳᠤ ᠭᠦᠨᠵᠡᠭᠡᠶᠢᠷᠡᠨ ᠭᠤᠤᠯ ᠰᠡᠳᠦᠪᠲᠦ ᠬᠥᠮᠦᠵᠢᠯ᠂ ᠠᠶᠤᠯᠭᠦᠶ ᠦᠶᠯᠡᠳᠪᠦᠷᠢᠯᠡᠯ᠂ ᠨᠠᠮᠤᠷ ᠤᠨ ᠤᠯᠠᠷᠢᠯ ᠤᠨ ᠭᠠᠯ ᠰᠡᠷᠭᠡᠶᠢᠯᠡᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠣᠭᠤᠷᠢᠨ  ᠳᠤ ᠪᠠᠶᠢᠴᠠᠭᠠᠨ ᠰᠤᠳᠤᠯᠵᠤ ᠱᠠᠭᠠᠷᠳᠠᠨ ᠵᠢᠯᠣᠭᠤᠳᠪᠠ᠃      ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠠᠮᠲᠦ ᠪᠠᠶᠢᠴᠠᠭᠠᠨ ᠰᠤᠳᠤᠯᠤᠯᠲᠠ ᠬᠢᠪᠡ᠃      ᠰᠠᠮᠠᠢ ᠰᠤᠮᠤ ᠪᠣᠯᠣᠨ ᠮᠠᠨᠳᠤᠬᠤᠪᠤᠯᠠᠭ ᠪᠠᠯᠭᠠᠰᠤᠨ‌‍ᠳᠤ ᠭᠤᠣᠯ ᠰᠡᠳᠦᠪᠲᠦ ᠬᠥᠮᠦᠵᠢᠯ ᠤᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠬᠢᠩᠭᠠᠨ ᠲᠤᠰ ᠬᠤᠶᠠᠷ ᠭᠠᠵᠠᠷ ᠤᠨ ᠣᠳᠣᠬᠠᠨ  ᠤ ᠥᠷᠨᠢᠭᠦᠯᠵᠦ ᠪᠠᠶᠢᠭ᠎ᠠ ᠠᠵᠢᠯ ᠢ ᠨᠤᠲᠠᠯᠠᠵᠤ᠂ ᠲᠠᠷᠠᠭᠠᠴᠢ ᠶᠢᠨ ᠱᠠᠲᠤᠨ ᠤ ᠭᠤᠣᠯ ᠰᠡᠳᠦᠪᠲᠦ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠬᠦ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠤᠭᠰᠠᠨ ᠤ ᠬᠠᠮᠲᠦ ᠴᠢᠬᠤᠯᠠᠴᠢᠯᠠᠬᠤ ᠳᠠᠭᠠᠨ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ ᠶᠢ ᠴᠢᠬᠤᠯᠠᠴᠢᠯᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠶᠠᠭᠤ ᠬᠢᠪᠡᠯ ᠶᠠᠭᠤ ᠶᠢ ᠰᠤᠷᠬᠤ ᠶᠢ ᠪᠠᠷᠢᠮᠲᠠᠯᠠᠵᠤ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠤᠶᠠᠯᠳᠤᠭᠤᠯᠬᠤ᠂ ᠮᠡᠳᠡᠬᠦ ᠢᠲᠡᠭᠡᠬᠦ ᠬᠢᠬᠦ ᠶᠢ ᠨᠢᠭᠡᠳᠬᠡᠬᠦ ᠶᠢ ᠪᠡᠶᠡᠯᠡᠭᠦᠯᠵᠦ᠂ ᠰᠤᠷᠤᠯᠴᠠᠯᠭ᠎ᠠ  ᠪᠠᠷ ᠰᠦᠭ ᠰᠦᠨᠡᠰᠦ ᠶᠢ ᠴᠣᠭᠴᠠᠯᠠᠬᠤ᠂ ᠰᠤᠷᠤᠯᠴᠠᠯᠭ᠎ᠠ ᠪᠠᠷ ᠤᠶᠤᠨ ᠤᠬᠠᠭᠠᠨ ᠢ ᠨᠡᠮᠡᠭᠳᠡᠭᠦᠯᠬᠦ᠂ ᠰᠤᠷᠤᠯᠴᠠᠯᠭ᠎ᠠ  ᠪᠠᠷ ᠰᠤᠷᠲᠠᠯ ᠢ ᠲᠥᠪ ᠪᠣᠯᠭᠠᠬᠤ᠂ ᠰᠤᠷᠤᠯᠴᠠᠯᠭ᠎ᠠ ᠪᠠᠷ ᠠᠵᠢᠯᠯᠠᠬᠤ ᠶᠢ ᠦᠨᠡᠨ ᠬᠦ ᠠᠬᠢᠭᠤᠯᠬᠤ ᠬᠡᠷᠡᠭᠲᠡᠢ᠃ ᠭᠤᠣᠯᠳᠠᠯᠭ᠎ᠠ ᠶᠢᠨ ᠲᠣᠭᠤᠷᠢᠨ ᠳᠤ ᠤᠶᠠᠯᠳᠤᠭᠤᠯᠬᠤ ᠶᠢ ᠠᠳᠬᠤᠵᠤ᠂ ᠭᠤᠣᠯ ᠰᠡᠳᠦᠪᠲᠦ ᠬᠥᠮᠦᠵᠢᠯ ᠥᠷᠨᠢᠭᠦᠯᠬᠦ  ᠶᠢ ᠭᠠᠵᠠᠷ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠯᠤᠭ᠎ᠠ ᠤᠶᠠᠯᠳᠤᠭᠤᠯᠵᠤ᠂ ᠵᠠᠩᠭᠢᠯᠠᠭ᠎ᠠ ᠶᠢᠨ ᠴᠡᠭ ᠢ ᠣᠨᠣᠪᠴᠢᠲᠠᠢ ᠣᠯᠵᠤ᠂ ᠭᠤᠣᠯ ᠰᠡᠳᠦᠪᠲᠦ ᠬᠥᠮᠦᠵᠢᠯ ᠪᠣᠯᠤᠨ ᠦᠢᠯᠡᠴᠢᠯᠡᠭᠡᠨ ᠤ ᠲᠥᠪ  ᠤᠨ ᠬᠥᠭᠵᠢᠯᠲᠡ ᠶᠢ ᠠᠬᠢᠭᠤᠯᠬᠤ ᠶᠢ ᠨᠢᠭᠡ ᠴᠤᠬᠴᠠᠵᠢᠭᠤᠯᠬᠤ ᠬᠡᠷᠡᠭᠲᠡᠢ᠃ ᠬᠥᠭᠵᠢᠯᠲᠡ ᠶᠢᠨ ᠶᠠᠪᠤᠴᠠ ᠳᠠᠬᠢ ᠭᠤᠣᠯᠳᠠᠯᠭ᠎ᠠ ᠲᠠᠢ᠂ ᠬᠦᠴᠢᠷ᠂ ᠲᠦᠭᠵᠢᠷᠡᠯ ᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯ ᠰᠡᠳᠦᠪᠲᠦ ᠬᠥᠮᠦᠵᠢᠯ ᠥᠷᠨᠢᠭᠦᠯᠬᠦ ᠪᠠᠷ ᠳᠠᠮᠵᠢᠨ ᠰᠡᠳᠬᠢᠴᠡ ᠪᠠᠨ ᠨᠡᠭᠡᠭᠡᠵᠦ᠂ ᠠᠷᠭ᠎ᠠ ᠪᠤᠳᠤᠯᠭ᠎ᠠ ᠪᠠᠨ ᠣᠨᠣᠪᠴᠢᠲᠠᠢ ᠣᠯᠵᠤ᠂ ᠰᠢᠪᠲᠤᠯᠤᠯᠲᠠ ᠶᠢ ᠡᠷᠢᠯᠬᠢᠯᠡᠵᠦ᠂ ᠭᠤᠣᠯ ᠰᠡᠳᠦᠪᠲᠦ ᠬᠥᠮᠦᠵᠢᠯ ᠤᠨ ᠦᠨᠡᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠪᠡ᠃      ᠪᠣᠭᠳᠠ ᠠᠭᠤᠯᠠ ᠶᠢᠨ ᠣᠶ ᠰᠢᠭᠤᠶ ᠶᠢᠨ ᠲᠠᠯᠠᠪᠠᠶ ᠳᠤ ᠨᠠᠮᠤᠷ ᠤᠨ ᠤᠯᠠᠷᠢᠯ ᠤᠨ ᠭᠠᠯ ᠲᠦᠶᠮᠡᠷ ᠢ ᠰᠡᠷᠭᠡᠶᠢᠯᠡᠬᠦ ᠠᠵᠢᠯ ᠢ ᠪᠠᠶᠢᠴᠠᠭᠠᠨ ᠰᠤᠳᠤᠯᠬᠤ ᠳᠠᠭᠠᠨ᠂ ᠬᠢᠩᠭᠠᠨ ᠴᠢᠬᠤᠯᠠᠴᠢᠯᠠᠭᠰᠠᠨ ᠨᠢ᠂ ᠣᠳᠣᠬᠠᠨ ᠳᠤ ᠶᠠᠭ ᠨᠠᠮᠤᠷ ᠤᠨ ᠤᠯᠠᠷᠢᠯ ᠤᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ ᠬᠤᠭᠤᠴᠠᠭᠠᠨ ᠳᠤ ᠪᠣᠶ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠬᠦ ᠲᠤᠯᠭᠠᠮ᠎ᠠ ᠪᠣᠳᠣᠯ᠂ ᠬᠤᠷᠢᠭ᠎ᠠ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠬᠦ ᠡᠷᠴᠢᠮ ᠢᠶᠠᠨ ᠴᠠᠭ ᠢᠮᠠᠭᠲᠠ ᠴᠢᠩᠭᠠᠯᠠᠵᠤ᠂ ᠨᠠᠩ ᠣᠯᠠᠨ ᠬᠥᠮᠦᠨ ᠤ ᠬᠦᠴᠦᠨ ᠪᠣᠳᠠᠰ ᠤᠨ ᠬᠦᠴᠦᠨ ᠡᠳ᠋ ᠤᠨ ᠬᠦᠴᠦᠨ ᠢ ᠣᠷᠣᠭᠤᠯᠵᠤ᠂ ᠡᠯ᠎ᠡ ᠵᠦᠶᠯ ᠤᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠲᠦᠶᠮᠡᠷ ᠢ ᠰᠡᠷᠭᠡᠶᠢᠯᠡᠬᠦ ᠠᠵᠢᠯ ᠳᠤ ᠥᠴᠦᠬᠡᠨ ᠴᠦ ᠠᠯᠳᠠᠰᠢ ᠭᠠᠷᠭᠠᠬᠤ ᠥᠬᠡᠶ ᠪᠠᠶᠢᠬᠤ ᠶᠢ ᠪᠠᠲᠤᠯᠠᠬᠤ ᠬᠡᠷᠡᠭᠲᠡᠶ ᠭᠡᠵᠡᠶ  ᠃      ᠡᠨᠡᠬᠦ ᠬᠤᠭᠤᠴᠠᠭᠠᠨ ᠳᠤ᠂ ᠬᠢᠩᠭᠠᠨ ᠪᠠᠰᠠ ᠪᠠᠶᠠᠨᠬᠦᠭᠡᠪᠦᠷ᠂ ᠰᠢᠯᠢᠨ᠂ ᠷᠦᠩ ᠭᠤᠸᠠᠨ ᠭᠤᠷᠪᠠᠨ ᠠᠭᠤᠷᠬᠠᠶ  ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠠᠶᠤᠯᠭᠦᠶ ᠦᠶᠯᠡᠳᠪᠦᠷᠢᠯᠡᠯ ᠤᠨ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠡᠯ᠎ᠡ ᠠᠭᠤᠯᠠ ᠠᠭᠤᠷᠬᠠᠶ ᠶᠢᠨ ᠠᠵᠤ ᠠᠬᠤᠶᠢᠯᠠᠯ ᠤᠨ ᠦᠶᠯᠡᠳᠪᠦᠷᠢᠯᠡᠯ ᠡᠷᠭᠢᠯᠲᠡ ᠵᠢᠴᠢ ᠠᠶᠤᠯᠭᠦᠶ ᠦᠶᠯᠡᠳᠪᠦᠷᠢᠯᠡᠯ ᠤᠨ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠳᠡ ᠶᠢ ᠰᠣᠨᠣᠰᠪᠠ᠃      ᠬᠢᠩᠭᠠᠨ ᠴᠢᠬᠤᠯᠠᠴᠢᠯᠠᠬᠤ ᠳᠠᠭᠠᠨ᠂ ᠡᠯ᠎ᠡ ᠠᠭᠤᠯᠠ ᠠᠭᠤᠷᠬᠠᠢ ᠶᠢᠨ ᠠᠵᠤ ᠠᠬᠤᠶᠢᠯᠠᠯ ᠠᠮᠤᠷ ᠲᠦᠪᠰᠢᠨ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠤᠢ ᠪᠣᠯᠭᠠᠵᠤ᠂ ᠦᠢᠯᠡᠳᠪᠦᠷᠢᠯᠡᠯ ᠤᠨ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠴᠢᠨᠠᠭᠰᠢᠳᠠ ᠲᠡᠭᠦᠯᠳᠡᠷᠵᠢᠭᠦᠯᠵᠦ᠂ ᠠᠶᠤᠯᠭᠦᠢ ᠦᠢᠯᠡᠳᠪᠦᠷᠢᠯᠡᠯ ᠤᠨ ᠲᠦᠭᠰᠢᠭᠦᠷᠢ ᠶᠢᠨ ᠭᠡᠮ ᠰᠣᠭᠤᠭ ᠢ ᠶᠡᠭᠡ ᠪᠠᠷ ᠵᠢᠭᠰᠠᠭᠠᠨ ᠪᠠᠶᠢᠴᠠᠭᠠᠵᠤ ᠶᠡᠭᠡ ᠪᠠᠷ ᠴᠡᠭᠴᠡᠯᠡᠨ ᠵᠠᠰᠠᠬᠤ ᠶᠢ ᠭᠦᠨᠵᠡᠭᠡᠢ ᠠᠬᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠦᠨ ᠠᠷᠢᠯᠭᠠᠵᠤ᠂ ᠬᠦᠨᠳᠦ ᠶᠡᠭᠡ ᠠᠶᠤᠯᠭᠦᠢ ᠦᠢᠯᠡᠳᠪᠦᠷᠢᠯᠡᠯ ᠤᠨ ᠠᠳᠡᠯ ᠭᠠᠷᠬᠤ ᠦᠭᠡᠢ ᠪᠠᠶᠢᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号