ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ᠄ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠶᠠᠭᠠᠬᠢᠭᠰᠠᠨ ᠴᠤ ︽ᠲᠠᠩᠰᠤᠭ ᠯᠠᠮᠠ ᠶᠢᠨ ᠮᠢᠬ᠎ᠠ︾ ᠪᠣᠯᠭᠠᠬᠤ ᠦᠭᠡᠢ
ᠨᠡᠶᠢᠲᠡᠯᠡᠭᠰᠡᠨ ᠴᠠᠭ᠄
2023/10/8
      ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠪᠣᠳᠠᠲᠤ ᠪᠠᠶᠢᠳᠠᠯ ᠳᠤ ᠲᠤᠯᠭᠠᠷᠠᠵᠤ ᠪᠠᠶᠢᠭ᠎ᠠ ᠲᠣᠪᠤᠶᠢᠮ᠎ᠠ ᠬᠦᠴᠢᠷ ᠠᠰᠠᠭᠤᠳᠠᠯ ᠳᠤ ᠴᠢᠭᠯᠡᠭᠦᠯᠦᠨ᠂ ᠲᠦᠷᠦᠭᠦᠬᠡᠨ ᠨᠡᠶᠢᠲᠡᠯᠡᠭᠰᠡᠨ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠳᠤ ᠠᠯᠢ ᠣᠯᠠᠨ ᠪᠣᠳᠠᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠠᠢ᠃ ᠡᠭᠦᠨ ᠤ ᠵᠣᠷᠢᠯᠭ᠎ᠠ ᠨᠢ ᠴᠢᠩᠭ᠎ᠠ ᠬᠢᠨᠠᠨ ᠬᠠᠮᠢᠶᠠᠷᠴᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠣᠷ ᠢ ᠪᠠᠲᠤ ᠪᠠᠬᠢ ᠪᠥᠭᠡᠳ ᠨᠢᠭᠲᠠ ᠰᠦᠯᠵᠢᠵᠦ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠶᠠᠭᠠᠬᠢᠭᠰᠠᠨ ᠴᠤ ︽ᠲᠠᠩᠰᠤᠭ ᠯᠠᠮᠠ ᠶᠢᠨ ᠮᠢᠬ᠎ᠠ︾ ᠪᠣᠯᠭᠠᠬᠤ ᠦᠭᠡᠢ ᠶᠢᠨ ᠲᠥᠯᠥᠭᠡ ᠶᠤᠮ᠃ ᠡᠭᠦᠨ ᠢ ᠰᠤᠷᠪᠤᠯᠵᠢᠯᠠᠭᠴᠢ 9 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠲᠥᠷᠥ ᠶᠢᠨ ᠪᠣᠳᠣᠯᠭ᠎ᠠ ᠨᠡᠶᠢᠲᠡᠯᠡᠬᠦ ᠰᠣᠨᠢᠨ ᠮᠡᠳᠡᠭᠡᠨ ᠤ ᠵᠣᠷᠰᠢᠯᠲᠤ ᠬᠤᠷᠠᠯ ᠠᠴᠠ ᠣᠶᠢᠯᠠᠭᠠᠵᠠᠢ᠃      ᠰᠠᠨᠠᠯ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠡᠯ᠎ᠡ ᠲᠠᠯ᠎ᠠ ᠶᠢᠨ  ᠬᠢᠨ ᠤ ᠬᠢᠨᠠᠨ ᠬᠠᠮᠢᠶᠠᠷᠬᠤ ᠬᠠᠷᠢᠭᠤᠴᠠᠯᠭ᠎ᠠ ᠶᠢ ᠦᠨᠡᠨ ᠬᠦ ᠨᠠᠶᠢᠳᠠᠪᠤᠷᠢᠵᠢᠭᠤᠯᠤᠨ᠂ ᠰᠠᠭᠤᠷᠢ ᠮᠥᠩᠭᠦ ᠶᠢ ᠬᠢᠨᠠᠨ ᠬᠠᠮᠢᠶᠠᠷᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ ᠂ ᠣᠯᠠᠨ ᠵᠦᠢᠯ ᠤᠨ ᠬᠢᠨᠠᠨ ᠬᠠᠮᠢᠶᠠᠷᠬᠤ ᠠᠷᠭ᠎ᠠ ᠮᠠᠶ᠋ᠢᠭ ᠢ ᠶᠡᠷᠦᠩᠬᠡᠶᠢᠯᠡᠨ ᠬᠡᠷᠡᠭᠯᠡᠵᠦ᠂ ᠬᠢᠨᠠᠨ ᠬᠠᠮᠢᠶᠠᠷᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠷᠬᠡ ᠬᠠᠷᠢᠭᠤᠴᠠᠯᠭ᠎ᠠ ᠲᠣᠳᠣᠷᠬᠠᠢ᠂ ᠴᠢᠩᠭ᠎ᠠ ᠬᠦᠴᠦᠲᠡᠢ᠂ ᠠᠮᠤᠷ ᠲᠦᠪᠰᠢᠨ ᠪᠥᠭᠡᠳ ᠵᠢᠷᠤᠮᠵᠢᠭᠤᠨ᠂ ᠬᠠᠤᠯᠢᠵᠢᠭᠰᠠᠨ ᠥᠨᠳᠥᠷ ᠪᠦᠲᠦᠮᠵᠢᠲᠡᠶ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠪᠠᠶᠢᠩᠭᠤᠵᠢᠭᠰᠠᠨ ᠬᠢᠨᠠᠨ ᠬᠠᠮᠢᠶᠠᠷᠬᠤ ᠲᠣᠭᠲᠠᠯᠴᠠᠭ᠎ᠠ ᠶᠢ ᠲᠦᠷᠭᠡᠳᠬᠡᠨ ᠪᠠᠶᠢᠭᠤᠯᠤᠨ᠎ᠠ ᠭᠡᠵᠦ ᠲᠣᠳᠣᠷᠬᠠᠶᠢᠯᠠᠵᠠᠢ᠃      ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠶᠠᠨ ᠴᠢᠩ ᠬᠤᠶ ᠲᠠᠨᠢᠯᠴᠠᠭᠤᠯᠬᠤ ᠳᠤ ᠪᠠᠨ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠳᠣᠣᠷᠠᠬᠢ ᠳᠥᠷᠪᠡᠨ ᠲᠠᠯ᠎ᠠ ᠪᠠᠷ ᠰᠠᠨᠠᠯ ᠤᠨ ᠱᠠᠭᠠᠷᠳᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠎ᠠ᠄      ᠨᠢᠭᠡ ᠳᠤ᠂ ᠣᠶᠤᠨᠴᠢ ᠬᠢᠨᠠᠨ ᠡᠵᠡᠮᠳᠡᠯ ᠢ ᠪᠣᠳᠠᠲᠠᠶᠢᠵᠢᠭᠤᠯᠤᠨ ᠨᠠᠷᠢᠯᠢᠭᠵᠢᠭᠤᠯᠬᠤ ᠶᠢ ᠠᠬᠢᠭᠤᠯᠤᠨ᠎ᠠ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠣᠶᠤᠨᠴᠢ ᠬᠢᠨᠠᠨ ᠬᠠᠷᠭᠤᠭᠤᠯᠤᠯᠲᠠ ᠪᠠ ᠬᠢᠨᠠᠨ ᠡᠵᠡᠮᠳᠡᠯ ᠢ ᠪᠦᠬᠦ ᠲᠠᠯ᠎ᠠ ᠪᠠᠷ ᠠᠬᠢᠭᠤᠯᠬᠤ ᠲᠤᠬᠠᠢ ᠮᠡᠳᠡᠭᠳᠡᠯ︾ ᠢ ᠰᠤᠳᠤᠯᠤᠨ ᠨᠡᠶᠢᠲᠡᠯᠡᠵᠦ᠂ 2023 ᠣᠨ ᠤ ᠰᠡᠭᠦᠯᠴᠢ ᠠᠴᠠ ᠡᠮᠦᠨ᠎ᠡ ᠤᠶᠤᠨᠴᠢ ᠬᠢᠨᠠᠨ ᠬᠠᠮᠢᠶᠠᠷᠤᠯᠲᠠ ᠶᠢᠨ ᠬᠤᠪᠢᠶᠠᠷᠢ ᠰᠢᠰᠲ᠋ᠧᠮ ᠢ ᠪᠣᠶ ᠪᠦᠬᠦᠢ ᠨᠢᠭᠡᠳᠦᠯᠲᠡᠢ ᠲᠥᠯᠥᠪᠯᠡᠬᠦ ᠣᠷᠣᠨ ᠳᠤ ᠬᠠᠮᠤᠷᠤᠭᠤᠯᠬᠤ ᠶᠢ ᠪᠡᠶᠡᠯᠡᠭᠦᠯᠵᠦ᠂ ᠡᠮᠴᠢᠯᠡᠭᠡᠨ ᠤ ᠪᠠᠲᠤᠯᠠᠭ᠎ᠠ ᠶᠢᠨ ᠳ᠋ᠦᠩᠨᠡᠨ ᠪᠤᠳᠤᠭᠰᠠᠨ ᠲᠤᠭ᠎ᠠ ᠪᠠᠷᠢᠮᠲᠠ ᠳᠤ ᠪᠥᠬᠦ ᠲᠠᠯ᠎ᠠ ᠶᠢᠨ ᠤᠶᠤᠨᠴᠢ ᠬᠢᠨᠠᠨ ᠬᠠᠷᠭᠤᠭᠤᠯᠤᠯᠲᠠ ᠶᠢ ᠥᠷᠨᠢᠭᠦᠯᠵᠦ᠂ ᠪᠥᠬᠦ ᠤᠯᠤᠰ ᠤᠨ ᠤᠶᠤᠨᠴᠢ ᠬᠢᠨᠠᠨ ᠡᠵᠡᠮᠳᠡᠯ ᠤᠨ ︽ᠪᠦᠷᠢᠨ ᠲᠣᠣᠷ ᠰᠦᠯᠵᠢᠶ᠎ᠡ︾ ᠶᠢ ᠠᠩᠬ᠎ᠠ ᠠᠯᠬᠤᠮ ᠪᠦᠷᠢᠯᠳᠦᠭᠦᠯᠵᠦ᠂ ᠲᠣᠮᠣ ᠳ᠋ᠠᠶᠢᠲ᠋ᠠ ᠶᠢᠨ ᠬᠡᠷᠡᠭᠯᠡᠭᠡᠨ ᠤ ᠲᠤᠷᠰᠢᠯᠲᠠ ᠶᠢᠨ ᠠᠵᠢᠯ ᠲᠠᠢ ᠤᠶᠠᠯᠳᠤᠭᠤᠯᠤᠨ᠂ ᠬᠡᠷᠡᠭ ᠤᠨ ᠡᠮᠦᠨ᠎ᠡ ᠰᠠᠨᠠᠭᠤᠯᠬᠤ᠂ ᠬᠡᠷᠡᠭ ᠤᠨ ᠳᠤᠮᠳᠠ ᠤᠷᠢᠳᠴᠢᠯᠠᠨ ᠰᠡᠷᠡᠮᠵᠢᠯᠡᠭᠦᠯᠬᠦ᠂ ᠬᠡᠷᠡᠭ ᠤᠨ ᠳᠠᠷᠠᠭ᠎ᠠ ᠬᠢᠨᠠᠨ ᠡᠵᠡᠮᠳᠡᠬᠦ ᠪᠥᠬᠦ ᠴᠣᠪᠣᠷᠠᠯ ᠤᠨ ᠬᠢᠨᠠᠯᠲᠠ ᠬᠠᠮᠢᠶᠠᠷᠤᠯᠲᠠ ᠶᠢᠨ ᠰᠠᠭᠤᠷᠢ ᠮᠥᠩᠭᠦᠨ ᠤ ᠠᠮᠤᠷ ᠲᠦᠪᠰᠢᠨ ᠤ ᠮᠡᠷᠭᠡᠵᠢᠯ ᠤᠨ ᠰᠡᠷᠭᠡᠶᠢᠯᠡᠯᠲᠡ ᠶᠢᠨ ᠱᠤᠭᠤᠮ ᠢ ᠪᠠᠶᠢᠭᠤᠯᠤᠨ᠎ᠠ᠃      ᠬᠤᠶᠠᠷ ᠲᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ︽ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠰᠲ᠋ᠧᠮ ᠲᠠᠢ ᠳ᠋ᠦᠩᠨᠡᠭᠰᠡᠨ ᠰᠠᠭᠤᠷᠢᠨ ᠳᠡᠭᠡᠷ᠎ᠡ᠂ ᠳᠦᠷᠢᠮ ᠤᠨ ᠬᠡᠷᠡᠭᠵᠢᠭᠦᠯᠬᠦ ᠨᠠᠷᠢᠨ ᠳᠦᠷᠢᠮ ᠢ ᠰᠤᠳᠤᠯᠵᠤ᠂ ᠲᠡᠭᠦᠨ ᠤ ᠳᠣᠲᠣᠷᠠᠬᠢ ᠵᠠᠷᠢᠮ ᠵᠠᠷᠴᠢᠮ ᠤᠨ ᠴᠢᠨᠠᠷᠲᠠᠢ᠂ ᠡᠷᠬᠡ ᠣᠯᠭᠤᠬᠤ ᠴᠢᠨᠠᠷᠲᠠᠢ ᠲᠣᠭᠲᠠᠭᠠᠯ ᠢ ᠤᠯᠠᠮ ᠨᠢᠭᠡ ᠠᠯᠬᠤᠮ ᠨᠠᠷᠢᠯᠢᠭᠵᠢᠭᠤᠯᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠴᠢᠩᠭᠠᠷᠠᠭᠤᠯᠤᠨ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠦᠨᠳᠦᠰᠦ ᠪᠠᠷᠢᠮᠲᠠ ᠶᠢ ᠨᠠᠩ ᠪᠦᠷᠢᠨᠰᠢᠭᠦᠯᠬᠦ ᠶᠢ ᠠᠬᠢᠭᠤᠯᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠦᠨᠡᠨ ᠬᠦ ᠪᠠᠲᠤᠯᠠᠵᠤ᠂ ᠰᠠᠭᠤᠷᠢ ᠮᠥᠩᠭᠦ ᠶᠢᠨ ᠠᠮᠤᠷ ᠲᠦᠪᠰᠢᠨ ᠢ ᠬᠠᠮᠠᠭᠠᠯᠠᠨ᠎ᠠ᠃      ᠭᠤᠷᠪᠠ ᠳᠤ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠦᠨᠡᠯᠡᠬᠦ ᠳᠦᠷᠢᠮ ᠢ ᠰᠠᠶᠢᠲᠤᠷ ᠬᠡᠷᠡᠭᠯᠡᠨ᠎ᠡ᠃ ᠰᠠᠨᠠᠯ ᠳᠤ ᠲᠣᠭᠲᠠᠭᠠᠭᠰᠠᠨ ᠡᠯ᠎ᠡ ᠵᠦᠢᠯ ᠤᠨ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠶᠢᠯᠡᠨ ᠦᠨᠡᠯᠡᠬᠦ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠯ᠎ᠡ ᠱᠠᠲᠤᠨ ᠤ ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠨ ᠪᠤᠲᠠᠲᠠᠶᠢᠵᠢᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠴᠤᠭ ᠢᠶᠠᠷ ᠠᠳᠬᠤᠵᠤ ᠬᠠᠮᠲᠤ ᠪᠠᠷ ᠬᠠᠮᠢᠶᠠᠷᠬᠤ ᠬᠢᠨᠠᠯᠲᠠ ᠬᠠᠮᠢᠶᠠᠷᠤᠯᠲᠠ ᠶᠢᠨ ᠪᠠᠶᠢᠷᠢᠯᠠᠭᠤᠯᠤᠯᠲᠠ ᠶᠢ ᠪᠠᠶᠢᠭᠤᠯᠬᠤ ᠶᠢ ᠠᠬᠢᠭᠤᠯᠵᠤ᠂ ᠶᠡᠷᠦᠩᠬᠡᠶᠢᠯᠡᠨ ᠦᠨᠡᠯᠡᠬᠦ ︽ᠳᠣᠬᠢᠭᠤᠷ︾ ᠤᠨ ᠦᠢᠯᠡᠳᠦᠯ ᠢ ᠪᠦᠲᠦᠮᠵᠢᠲᠡᠶ ᠪᠠᠳᠠᠷᠠᠭᠤᠯᠤᠨ᠎ᠠ᠃      ᠳᠥᠷᠪᠡ ᠳᠤ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ᠃ ᠵᠥᠪ ᠪᠤᠷᠤᠭᠤ ᠬᠤᠶᠠᠷ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠰᠠᠶᠢᠲᠤᠷ ᠬᠡᠷᠡᠭᠯᠡᠵᠦ ᠠᠮᠢᠳᠤᠯᠢᠭ ᠬᠡᠷᠡᠭᠯᠡᠨ᠂ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠬᠠᠤᠯᠢ ᠲᠣᠭᠲᠠᠭᠠᠯ ᠠᠴᠠ ᠵᠥᠷᠢᠴᠡᠨ ᠬᠡᠷᠡᠭᠯᠡᠭᠰᠡᠨ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠴᠢᠩᠭ᠎ᠠ ᠵᠠᠯᠬᠠᠭᠠᠨ ᠰᠢᠢᠳᠬᠡᠵᠦ᠂ ᠴᠠᠭ ᠲᠤᠬᠠᠢ ᠳᠤ ᠨᠢ ᠢᠯᠡᠴᠢᠯᠡᠵᠦ᠂ ᠰᠡᠷᠡᠮᠵᠢᠯᠡᠭᠦᠯᠦᠨ ᠰᠦᠷᠳᠡᠭᠦᠯᠬᠦ ᠦᠢᠯᠡᠳᠦᠯ ᠢ ᠪᠠᠳᠠᠷᠠᠭᠤᠯᠬᠤ ᠬᠡᠷᠡᠭᠲᠡᠢ︔ ᠡᠮᠴᠢᠯᠡᠭᠡᠨ ᠤ ᠪᠠᠲᠤᠯᠠᠭ᠎ᠠ ᠶᠢᠨ ᠰᠠᠭᠤᠷᠢ ᠮᠥᠩᠭᠦ ᠶᠢ ᠲᠣᠭᠲᠠᠭᠠᠯ ᠳᠤ ᠨᠡᠶᠢᠴᠡᠭᠦᠯᠦᠨ ᠬᠡᠷᠡᠭᠯᠡᠭᠰᠡᠨ ᠲᠡᠷᠢᠭᠦᠨ ᠤ ᠨᠡᠶᠢᠲᠡᠯᠢᠭ ᠵᠢᠱᠢᠶ᠎ᠡ ᠳᠤ ᠵᠥᠪ ᠲᠠᠯ᠎ᠠ ᠶᠢᠨ ᠤᠬᠠᠭᠤᠯᠭ᠎ᠠ ᠬᠢᠬᠦ ᠶᠢ ᠴᠢᠩᠭᠠᠳᠬᠠᠵᠤ᠂ ᠵᠥᠪ ᠴᠢᠭᠯᠡᠯ ᠤᠨ ᠤᠷᠮᠠᠰᠢᠭᠤᠯᠬᠤ ᠦᠢᠯᠡᠳᠦᠯ ᠢ ᠪᠠᠳᠠᠷᠠᠭᠤᠯᠬᠤ ᠬᠡᠷᠡᠭᠲᠡᠢ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号