︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/10/8
      ᠨᠢᠭᠡ᠂ ᠠᠬᠤᠢ ᠪᠠᠶᠢᠳᠠᠯ ᠵᠢᠴᠢ ᠦᠨᠳᠦᠰᠦᠯᠡᠯ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠬᠦ ᠶᠢᠨ ᠲᠤᠰᠠᠳᠠ᠂ ︽ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠦᠨ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠣᠭᠲᠠᠭᠠᠯ︾ ᠪᠠ ︽ᠭᠤᠷᠪᠠᠨ ᠬᠡᠦᠬᠡᠳ ᠠᠪᠬᠤ ᠶᠢ ᠳᠡᠮᠵᠢᠬᠦ ᠲᠥᠷᠥ ᠶᠢᠨ ᠪᠣᠳᠣᠯᠭ᠎ᠠ ᠶᠢᠨ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠢ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠮᠡᠳᠡᠭᠳᠡᠯ︾ ᠵᠡᠷᠭᠡ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠪᠣᠳᠠᠲᠠᠢ ᠲᠠᠢ ᠤᠶᠠᠯᠳᠤᠭᠤᠯᠤᠭᠠᠳ᠂ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠪᠡ᠃      ᠬᠤᠶᠠᠷ᠂ ᠭᠤᠣᠯ ᠠᠭᠤᠯᠭ᠎ᠠ      ︵ᠨᠢᠭᠡ︶ ︽ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠦᠷᠡᠵᠢᠯ ᠤᠨ ᠳᠠᠭᠠᠳᠬᠠᠯ ᠤᠨ ᠡᠮᠴᠢᠯᠡᠭᠡᠨ ᠤ ᠬᠠᠷᠠᠭᠠᠯᠵᠠᠯ ᠳᠤ ᠲᠣᠬᠢᠷᠠᠭᠤᠯᠤᠯᠲᠠ ᠬᠢᠬᠦ ᠲᠤᠬᠠᠢ ᠮᠡᠳᠡᠭᠳᠡᠯ︾ ᠨᠢ ᠨᠡᠶᠢᠲᠡ ᠭᠤᠷᠪᠠᠨ ᠬᠡᠰᠡᠭ ᠢᠶᠠᠷ ᠪᠦᠷᠢᠯᠳᠦᠵᠡᠢ᠃ ᠲᠣᠰ ᠠᠷᠭ᠎ᠠ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠳᠠᠭᠠᠳᠬᠠᠯ ᠳᠤ ᠣᠷᠣᠯᠴᠠᠭᠰᠠᠨ ᠡᠯ᠎ᠡ ᠨᠢᠭᠡᠴᠢ᠂ ᠳᠠᠭᠠᠳᠬᠠᠯ ᠳᠤ ᠣᠷᠣᠯᠴᠠᠭᠰᠠᠨ ᠬᠥᠮᠥᠰ ᠲᠤ ᠬᠡᠷᠡᠭᠵᠢᠭᠦᠯᠬᠦ ᠳᠤ ᠳᠣᠬᠢᠷᠠᠨ᠎ᠠ᠃      ︵ᠬᠤᠶᠠᠷ︶ ᠡᠮᠨᠡᠯᠭᠡ ᠳᠤ ᠰᠠᠭᠤᠬᠤ᠃ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠬᠥᠩᠭᠡᠵᠢᠬᠦ᠂ ᠣᠷᠤᠭ ᠤᠨᠠᠭᠠᠬᠤ᠂ ᠦᠷᠡᠵᠢᠯ ᠢ ᠬᠢᠵᠠᠭᠠᠷᠯᠠᠬᠤ ᠪᠤᠶᠤ ᠦᠷᠡᠵᠢᠯ ᠢ ᠲᠠᠰᠤᠯᠬᠤ ᠮᠡᠰᠡ ᠵᠠᠰᠠᠯ ᠠᠴᠠ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠨᠡᠯᠭᠡ ᠳᠤ ᠰᠠᠭᠤᠭᠰᠠᠨ ᠡᠮᠴᠢᠯᠡᠭᠡᠨ ᠤ ᠵᠠᠷᠤᠳᠠᠯ ᠳᠤ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠤᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃      ︵ᠭᠤᠷᠪᠠ︶ ᠡᠭᠦᠳᠡᠨ ᠡᠮᠨᠡᠯᠭᠡ ᠳᠤ ᠡᠮᠨᠡᠭᠦᠯᠬᠦ᠃ ᠨᠢᠭᠡ ᠳᠤ᠂ ᠡᠮᠡᠭᠲᠡᠢ ᠠᠵᠢᠯᠲᠠᠨ ᠠᠵᠢᠯᠴᠢᠨ ᠤ ᠵᠢᠷᠮᠦᠰᠦᠯᠡᠭᠰᠡᠨ ᠬᠤᠭᠤᠴᠠᠭ᠎ᠠ᠂ ᠬᠥᠩᠭᠡᠵᠢᠬᠦ ᠬᠤᠭᠤᠴᠠᠭ᠎ᠠ᠂ ᠨᠢᠷᠠᠶᠢᠯᠠᠬᠤ ᠬᠤᠭᠤᠴᠠᠭᠠᠨ ᠳᠤ ᠡᠭᠦᠰᠦᠭᠰᠡᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠭᠦᠳᠡᠨ ᠡᠮᠨᠡᠯᠭᠡ ᠳᠤ ᠬᠢᠯᠭᠡᠭᠰᠡᠨ ᠬᠥᠩᠭᠡᠵᠢᠬᠦ ᠠᠴᠠ ᠡᠮᠦᠨᠡᠬᠢ ᠪᠠᠶᠢᠴᠠᠭᠠᠯᠲᠠ ᠶᠢᠨ ᠵᠠᠷᠤᠳᠠᠯ ᠳᠤ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠪᠠ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠲᠥᠯᠦᠬᠦ ᠳᠡᠭᠡᠳᠦ ᠬᠢᠵᠠᠭᠠᠷ ᠳᠣᠬᠢᠷᠠᠭᠤᠯᠬᠤ ᠦᠭᠡᠢ᠂ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠦᠩᠭᠦᠨ ᠠᠴᠠ ᠪᠣᠳᠠᠲᠤ ᠪᠠᠷᠢᠮᠲᠠ ᠶᠢ ᠦᠨᠳᠦᠰᠦᠯᠡᠨ ᠲᠥᠯᠥᠨ᠎ᠡ᠃ ᠬᠤᠶᠠᠷ ᠲᠤ᠂ ᠡᠭᠦᠳᠡᠨ ᠡᠮᠨᠡᠯᠭᠡ ᠳᠤ ᠣᠷᠤᠭ ᠤᠨᠠᠭᠠᠭᠰᠠᠨ ᠪᠤᠶᠤ ᠦᠷᠡᠵᠢᠯ ᠢ ᠬᠢᠵᠠᠭᠠᠷᠯᠠᠬᠤ ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠤᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2000 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠦᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ ᠶᠢ ᠦᠨᠳᠦᠰᠦᠯᠡᠨ ᠲᠥᠯᠥᠨ᠎ᠡ᠃ ᠭᠤᠷᠪᠠ ᠳᠤ᠂ ᠡᠭᠦᠳᠡᠨ ᠡᠮᠨᠡᠯᠭᠡ ᠳᠤ ᠦᠷᠡᠵᠢᠯ ᠢ ᠲᠠᠰᠤᠯᠬᠤ ᠮᠡᠰᠡ ᠵᠠᠰᠠᠯ ᠬᠢᠯᠭᠡᠭᠰᠡᠨ ᠪᠠᠶᠢᠪᠠᠯ᠂ ᠬᠠᠷᠠᠭᠠᠯᠵᠠᠯ ᠤᠨ ᠬᠤᠪᠢ ᠬᠦᠮᠦᠨ ᠤ ᠡᠭᠦᠷᠭᠡᠯᠡᠬᠦ ᠵᠠᠷᠤᠳᠠᠯ ᠤᠨ ᠬᠢᠵᠠᠭᠠᠷ ᠳᠣᠬᠢᠷᠠᠭᠤᠯᠬᠤ ᠦᠭᠡᠢ᠂ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠠᠬᠢ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠡᠮᠴᠢᠯᠡᠭᠡᠨ ᠤ ᠵᠠᠷᠤᠳᠠᠯ ᠢ ᠲᠥᠯᠥᠬᠦ ᠳᠡᠭᠡᠳᠦ ᠬᠢᠵᠠᠭᠠᠷ ᠨᠢ 2500 ᠲᠥᠭᠦᠷᠢᠭ ᠪᠠᠶᠢᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠰᠡᠨ ᠬᠡᠰᠡᠭ ᠢ ᠲᠥᠯᠦᠵᠦ ᠥᠭᠬᠦ ᠦᠭᠡᠢ᠂ ᠬᠢᠵᠠᠭᠠᠷᠯᠠᠭᠰᠠᠨ ᠲᠤᠭ᠎ᠠ ᠶᠢᠨ ᠳᠣᠲᠣᠷ᠎ᠠ ᠪᠣᠳᠠᠲᠠᠢ ᠪᠠᠷᠢᠮᠲᠠ ᠦᠨᠳᠦᠰᠦᠯᠡᠨ ᠲᠥᠯᠥᠨ᠎ᠡ᠃      ︵ᠳᠥᠷᠪᠡ︶ ᠦᠷᠡᠵᠢᠯ ᠤᠨ ᠨᠡᠮᠡᠯᠭᠡ ᠶᠢᠨ ᠪᠠᠷᠢᠮᠵᠢᠶ᠎ᠠ᠃ ᠨᠢᠭᠡ ᠳᠤ᠂ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠡᠮᠡᠭᠲᠡᠢ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠬᠥᠮᠥᠨ ᠬᠡᠷᠡᠭᠯᠡᠬᠦ ᠨᠢᠭᠡᠴᠢ ᠶᠢᠨ ᠳᠡᠭᠡᠷ᠎ᠡ ᠵᠢᠯ ᠤᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠰᠠᠷ᠎ᠠ ᠶᠢᠨ ᠳᠤᠮᠲᠠᠴᠢ ᠰᠠᠭᠤᠷᠢ ᠲᠤᠭ᠎ᠠ ᠪᠠᠷ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ᠃ ᠡᠷᠡᠭᠲᠡᠢ ᠠᠵᠢᠯᠲᠠᠨ ᠠᠵᠢᠯᠴᠢᠨ ᠤ ᠰᠤᠪᠢᠯᠠᠯᠲᠠ ᠶᠢᠨ ᠴᠢᠯᠦᠭᠡᠨ ᠤ ᠨᠡᠮᠡᠯᠭᠡ ᠶᠢ ᠠᠳᠠᠯᠢᠬᠠᠨ ᠰᠠᠭᠤᠷᠢ ᠲᠣᠭᠠᠨ ᠤ ᠪᠠᠷᠢᠮᠵᠢᠶ᠎ᠠ ᠪᠠᠷ ᠬᠡᠷᠡᠭᠵᠢᠭᠦᠯᠦᠨ᠎ᠡ᠃ ᠬᠤᠶᠠᠷ ᠲᠤ᠂ ᠲᠤᠬᠠᠢ ᠶᠢᠨ ᠵᠢᠯ ᠳᠤ ᠰᠢᠨ᠎ᠡ ᠪᠠᠷ ᠳᠠᠭᠠᠳᠬᠠᠯ ᠳᠤ ᠣᠷᠣᠯᠴᠠᠭᠰᠠᠨ ᠡᠳ᠋ ᠤᠨ ᠵᠠᠰᠠᠭ ᠤᠨ ᠬᠠᠩᠭᠠᠯᠲᠠ ᠳᠤ ᠡᠰᠡ ᠬᠠᠮᠤᠷᠤᠭᠳᠠᠬᠤ ᠨᠢᠭᠡᠴᠢ ᠶᠢᠨ ᠳᠠᠭᠠᠳᠬᠠᠯ ᠳᠤ ᠣᠷᠣᠯᠴᠠᠭᠰᠠᠨ ᠠᠵᠢᠯᠲᠠᠨ ᠠᠵᠢᠯᠴᠢᠨ ᠤ ᠦᠷᠡᠵᠢᠯ ᠤᠨ ᠨᠡᠮᠡᠯᠭᠡ ᠶᠢ ᠠᠵᠢᠯᠲᠠᠨ ᠠᠵᠢᠯᠴᠢᠨ ᠤ ᠬᠥᠩᠭᠡᠵᠢᠭᠰᠡᠨ ᠲᠣᠰ ᠰᠠᠷ᠎ᠠ ᠳᠠᠬᠢ ᠪᠠᠶᠢᠭᠤᠯᠭ᠎ᠠ ᠨᠢᠭᠡᠴᠢ ᠶᠢᠨ ᠠᠵᠢᠯ ᠤᠨ ᠪᠠᠶᠢᠷᠢᠨ ᠳᠤ ᠪᠠᠨ ᠪᠠᠶᠢᠭ᠎ᠠ ᠠᠵᠢᠯᠲᠠᠨ ᠠᠵᠢᠯᠴᠢᠨ ᠤ ᠰᠦᠢᠳᠬᠡᠯ ᠲᠤᠰᠢᠶᠠᠭᠰᠠᠨ ᠳᠤᠮᠳᠠᠴᠢ ᠰᠠᠭᠤᠷᠢ ᠲᠤᠭ᠎ᠠ ᠪᠠᠷ ᠦᠷᠡᠵᠢᠯ ᠤᠨ ᠨᠡᠮᠡᠯᠭᠡ ᠶᠢ ᠪᠤᠳᠤᠵᠤ ᠣᠯᠭᠤᠬᠤ ᠪᠠᠷᠢᠮᠵᠢᠶ᠎ᠠ ᠪᠣᠯᠭᠠᠨ᠎ᠠ᠃
 
ᠢᠷᠡᠯᠲᠡ᠄ ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号