2023 ᠣᠨ ᠤ 8 ᠰᠠᠷ᠎ᠠ ᠳᠤ ᠵᠡᠭᠦᠨ ᠬᠠᠲᠠᠪᠴᠢ ᠪᠣᠭᠤᠮᠲᠠ ᠶᠢᠨ ᠲᠡᠭᠡᠭᠡᠪᠦᠷᠢ ᠶᠢᠨ ᠬᠡᠮᠵᠢᠶ᠎ᠡ ᠨᠡᠯᠢᠶᠡᠳ ᠰᠠᠶᠢᠨ ᠪᠠᠶᠢᠨ᠎ᠠ
ᠨᠡᠶᠢᠲᠡᠯᠡᠭᠰᠡᠨ ᠴᠠᠭ᠄
2023/10/9
      8 ᠰᠠᠷ᠎ᠠ ᠳᠤ ᠪᠣᠭᠤᠮᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ ᠨᠡᠶᠢᠳᠡ 28.5 ᠲᠦᠮᠡᠨ ᠲᠣᠨ ᠳᠤ ᠬᠦᠷᠴᠦ᠂ ᠡᠭᠦᠨ ᠤ ᠳᠣᠲᠣᠷ᠎ᠠ ᠭᠠᠳᠠᠭᠠᠳᠤ ᠠᠴᠠ ᠤᠷᠤᠭᠤᠯᠤᠭᠰᠠᠨ ᠪᠠᠷᠠᠭ᠎ᠠ 28 ᠲᠦᠮᠡᠨ ᠲᠣᠨ᠂ ᠭᠠᠳᠠᠭᠠᠳᠤ ᠳᠤ ᠭᠠᠷᠭᠠᠭᠰᠠᠨ ᠪᠠᠷᠠᠭ᠎ᠠ 0.5 ᠲᠦᠮᠡᠨ ᠲᠣᠨ ᠳᠤ ᠬᠦᠷᠴᠡᠢ᠃ ᠭᠠᠳᠠᠭᠠᠳᠤ ᠠᠴᠠ ᠣᠷᠣᠭᠤᠯᠬᠤ ᠪᠠ ᠭᠠᠳᠠᠭᠠᠳᠤ ᠳᠤ ᠭᠠᠷᠭᠠᠬᠰᠡᠨ ᠪᠠᠷᠠᠭᠠᠨ ᠤ ᠦᠷᠳᠡᠭ 0.19 ᠳ᠋ᠦᠩᠰᠢᠭᠤᠷ ᠳ᠋ᠣᠯᠯᠠᠷ ᠲᠤ ᠬᠦᠷᠴᠦ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠪᠠᠷᠠᠭᠠᠨ ᠤ ᠦᠷᠳᠡᠭ 0.18 ᠳ᠋ᠦᠩᠰᠢᠭᠤᠷ ᠳ᠋ᠣᠯᠯᠠᠷ ᠲᠤ ᠬᠦᠷᠴᠡᠢ᠃ ᠭᠠᠳᠠᠭᠠᠳᠤ ᠳᠤ ᠭᠠᠷᠭᠠᠬᠤ ᠪᠠᠷᠠᠭᠠᠨ ᠤ ᠦᠷᠳᠡᠭ ᠨᠢ 0.01 ᠳ᠋ᠦᠩᠰᠢᠭᠤᠷ ᠳ᠋ᠣᠯᠯᠠᠷ ᠲᠤ ᠬᠦᠷᠴᠡᠢ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ ᠶᠢᠨ ᠠᠵᠢᠯᠲᠠᠨ 8660 ᠬᠥᠮᠥᠨ ᠤᠳᠠᠭ᠎ᠠ︔ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ ᠶᠢᠨ ᠬᠥᠮᠥᠨ 4251 ᠬᠥᠮᠥᠨ ᠤᠳᠠᠭ᠎ᠠ ᠳᠤ ᠬᠦᠷᠴᠦ ᠂ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ ᠶᠢᠨ ᠬᠥᠮᠥᠨ 4409 ᠬᠥᠮᠥᠨ ᠤᠳᠠᠭ᠎ᠠ ᠳᠤ ᠬᠦᠷᠪᠡ᠃ ᠬᠢᠯᠢ ᠪᠠᠷ ᠣᠷᠣᠵᠤ ᠭᠠᠷᠤᠭᠰᠠᠨ ᠪᠠᠷᠠᠭᠠᠨ ᠤ ᠲᠡᠷᠭᠡ 8660 ᠤᠳᠠᠭ᠎ᠠ︔ ᠡᠭᠦᠨ ᠳᠤ ᠬᠢᠯᠢ ᠪᠠᠷ ᠣᠷᠣᠵᠤ ᠢᠷᠡᠭᠰᠡᠨ ᠪᠠᠷᠠᠭᠠᠨ ᠤ ᠲᠡᠷᠭᠡ 4251 ᠤᠳᠠᠭ᠎ᠠ᠂ ᠬᠢᠯᠢ ᠠᠴᠠ ᠭᠠᠷᠤᠭᠰᠠᠨ ᠪᠠᠷᠠᠭᠠᠨ ᠤ ᠲᠡᠷᠭᠡ 4409 ᠤᠳᠠᠭ᠎ᠠ ᠪᠠᠶᠢᠨ᠎ᠠ᠃ ᠬᠢᠯᠢ ᠪᠠᠷ ᠣᠷᠣᠵᠤ ᠭᠠᠷᠤᠭᠰᠠᠨ ᠫᠠᠰᠫᠣᠷᠲ ᠲᠠᠢ ᠠᠶᠠᠨᠴᠢᠳ 1867 ᠬᠥᠮᠥᠨ ᠤᠳᠠᠭ᠎ᠠ ᠳᠤ ᠬᠦᠷᠴᠡᠢ︔ ᠡᠭᠦᠨ ᠳᠤ ᠬᠢᠯᠢ ᠪᠠᠷ ᠣᠷᠣᠵᠤ ᠢᠷᠡᠭᠰᠡᠨ ᠠᠶᠠᠨᠴᠢᠳ 1012 ᠬᠥᠮᠥᠨ ᠤᠳᠠᠭ᠎ᠠ᠂ ᠬᠢᠯᠢ ᠠᠴᠠ  ᠭᠠᠷᠤᠭᠰᠠᠨ ᠠᠶᠠᠨᠴᠢᠳ 855 ᠬᠥᠮᠥᠨ ᠤᠳᠠᠭ᠎ᠠ ᠪᠤᠢ᠃ ᠣᠳᠣᠬᠠᠨ ᠳᠤ ᠵᠡᠭᠦᠨ ᠬᠠᠲᠠᠪᠴᠢ ᠪᠣᠭᠤᠮᠲᠠ ᠶᠢᠨ ᠭᠠᠳᠠᠭᠠᠳᠤ ᠠᠴᠠ ᠣᠷᠤᠭᠤᠯᠤᠭᠰᠠᠨ ᠡᠳ᠋ ᠪᠠᠷᠠᠭ᠎ᠠ ᠨᠢ ᠨᠡᠭᠦᠷᠡᠰᠦ᠂ ᠲᠡᠮᠦᠷ ᠤᠨ ᠨᠠᠷᠢᠯᠢᠭ ᠨᠤᠨᠳᠠᠭ᠂ ᠬᠠᠶᠢᠯᠤᠭᠤᠷ ᠵᠤᠩᠰᠢ᠂ ᠲᠡᠮᠦᠷ ᠤᠨ ᠬᠦᠳᠡᠷ᠂ ᠴᠠᠶᠢᠷ ᠤᠨ ᠨᠠᠷᠢᠯᠢᠭ ᠬᠦᠳᠡᠷ ᠵᠡᠷᠭᠡ ᠶᠡᠭᠡ ᠬᠡᠮᠵᠢᠶᠡᠨ ᠤ ᠡᠳ᠋ ᠪᠠᠷᠠᠭ᠎ᠠ ᠪᠠᠷ ᠭᠤᠣᠯ ᠪᠣᠯᠭᠠᠵᠤ᠂ ᠭᠠᠳᠠᠭᠠᠳᠤ ᠳᠤ  ᠭᠠᠷᠭᠠᠭᠰᠠᠨ ᠡᠳ᠋ ᠪᠠᠷᠠᠭ᠎ᠠ ᠨᠢ ᠲᠤᠨᠤᠭ ᠲᠥᠬᠦᠭᠡᠷᠦᠮᠵᠢ ᠵᠢᠴᠢ ᠪᠣᠴᠠᠭᠠᠭᠰᠠᠨ ᠨᠡᠭᠦᠷᠡᠰᠦ ᠪᠠᠷ ᠭᠤᠣᠯ ᠪᠣᠯᠭᠠᠵᠤ ᠪᠤᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号