ᠵᠡᠭᠦᠨ ᠬᠠᠲᠠᠪᠴᠢ ᠪᠣᠭᠤᠮᠲᠠ ᠪᠣᠯᠣᠨ ᠮᠣᠩᠭᠤᠯ ᠤᠯᠤᠰ ᠤᠨ ᠪᠢᠴᠢᠭᠲᠦ ᠪᠣᠭᠤᠮᠲᠠ ᠶᠢᠨ ᠪᠣᠭᠤᠮᠲᠠ ᠪᠠᠷ ᠥᠩᠭᠡᠷᠡᠬᠦ ᠶᠢ ᠰᠢᠯᠢᠳᠡᠭᠵᠢᠭᠦᠯᠬᠦ ᠲᠠᠯ᠎ᠠ ᠪᠠᠷ ᠠᠭᠤᠯᠵᠠᠯᠲᠠ ᠬᠢᠪᠡ
ᠨᠡᠶᠢᠲᠡᠯᠡᠭᠰᠡᠨ ᠴᠠᠭ᠄
2023/10/9
      ᠣᠶᠢᠷ᠎ᠠ ᠳᠤ᠂ ᠮᠣᠩᠭᠤᠯ ᠤᠯᠤᠰ ᠤᠨ ᠰᠦᠬᠡᠪᠠᠭᠠᠲᠤᠷ ᠮᠤᠵᠢ ᠶᠢᠨ ᠬᠢᠯᠢ ᠶᠢᠨ ᠪᠣᠭᠤᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠨᠠᠷ ᠵᠡᠭᠦᠨ ᠬᠠᠲᠠᠪᠴᠢ ᠪᠣᠭᠤᠮᠲᠠ ᠳᠤ ᠠᠶᠢᠯᠴᠢᠯᠠᠵᠤ᠂ ᠪᠣᠭᠤᠮᠲᠠ ᠪᠠᠷ ᠥᠩᠭᠡᠷᠡᠬᠦ ᠶᠢ ᠰᠢᠯᠢᠳᠡᠭᠵᠢᠭᠦᠯᠬᠦ ᠲᠤᠬᠠᠢ ᠵᠥᠪᠳᠡᠯᠴᠡᠪᠡ᠃ ᠬᠤᠰᠢᠭᠤ ᠪᠣᠭᠤᠮᠲᠠ ᠶᠢᠨ ᠵᠥᠪᠯᠡᠯ᠂ ᠭᠠᠳᠠᠭᠠᠳᠤ ᠶᠠᠪᠤᠳᠠᠯ ᠤᠨ ᠠᠯᠪᠠᠨ ᠭᠡᠷ ᠵᠡᠷᠭᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠭᠤᠯᠵᠠᠯᠲᠠ ᠳᠤ ᠣᠷᠣᠯᠴᠠᠪᠠ᠃      ᠠᠭᠤᠯᠵᠠᠯᠲᠠ ᠶᠢᠨ ᠳᠤᠮᠳᠠ᠂ ᠬᠤᠶᠠᠷ ᠲᠠᠯ᠎ᠠ ᠪᠠᠷ ᠢᠶᠠᠨ ᠪᠣᠭᠤᠮᠲᠠ ᠶᠢᠨ ᠬᠤᠯᠪᠣᠯᠳᠤᠨ ᠨᠡᠪᠲᠡᠷᠡᠯᠴᠡᠬᠦ ᠶᠢ ᠠᠬᠢᠭᠤᠯᠬᠤ᠂ ᠪᠣᠭᠤᠮᠲᠠ ᠪᠠᠷ ᠥᠩᠭᠡᠷᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠪᠣᠭᠤᠮᠲᠠ ᠶᠢᠨ ᠬᠠᠮᠢᠶᠠᠷᠤᠯᠲᠠ ᠶᠢᠨ ᠬᠠᠮᠲᠤᠷᠠᠯᠴᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠵᠡᠷᠭᠡ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠪᠠ᠃ ᠬᠤᠶᠠᠷ ᠲᠠᠯ᠎ᠠ ᠪᠠᠷ ᠢᠶᠠᠨ᠂ ᠪᠠᠶᠢᠩᠭᠤ ᠶᠢᠨ ᠠᠭᠤᠯᠵᠠᠯᠲᠠ ᠶᠢᠨ ᠣᠯᠣᠯᠴᠠᠭ᠎ᠠ ᠶᠢ ᠦᠷᠭᠦᠯᠵᠢᠯᠡᠨ ᠪᠠᠲᠤᠯᠠᠵᠤ᠂ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠪᠣᠭᠤᠮᠲᠠ ᠥᠩᠭᠡᠷᠡᠬᠦ ᠶᠢᠨ ᠢᠯᠭᠤᠮ ᠤᠷᠤᠭᠰᠢᠲᠠᠢ ᠶᠠᠪᠤᠭᠳᠠᠬᠤ ᠶᠢ ᠪᠠᠲᠤᠯᠠᠨ᠎ᠠ ᠭᠡᠵᠦ ᠢᠯᠡᠳᠬᠡᠵᠡᠢ᠃ ᠡᠭᠦᠨ ᠤ ᠬᠠᠮᠲᠤ᠂ ᠬᠤᠯᠪᠣᠭᠳᠠᠯ ᠪᠦᠬᠦᠢ ᠵᠥᠪᠯᠡᠬᠦ ᠵᠦᠢᠯ ᠤᠨ ᠠᠬᠢᠴᠠ ᠲᠠᠢ ᠪᠣᠯᠬᠤ ᠶᠢ ᠢᠳᠡᠪᠬᠢᠲᠡᠢ ᠠᠬᠢᠭᠤᠯᠵᠤ᠂ ᠬᠤᠶᠠᠷ ᠲᠠᠯ᠎ᠠ ᠶᠢᠨ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠦᠨ᠎ᠡ᠃      ᠡᠨᠡ ᠬᠤᠭᠤᠴᠠᠭᠠᠨ ᠳᠤ᠂ ᠤᠷᠢᠳ ᠬᠤᠵᠢᠳ ᠵᠡᠭᠦᠨ ᠬᠠᠲᠠᠪᠴᠢ ᠪᠣᠭᠤᠮᠲᠠ ᠶᠢᠨ ᠬᠠᠮᠲᠤᠷᠠᠭᠰᠠᠨ ᠪᠠᠶᠢᠴᠠᠭᠠᠯᠲᠠ ᠶᠢᠨ ᠲᠣᠮᠣ ᠠᠰᠠᠷ᠂ ᠪᠠᠷᠠᠭᠠᠨ ᠤ ᠲᠡᠭᠡᠭᠡᠪᠦᠷᠢ ᠶᠢᠨ ᠵᠠᠮ᠂ ᠬᠠᠲᠠᠪᠴᠢ ᠭᠠᠯᠲᠤ ᠲᠡᠷᠭᠡᠨ ᠦᠷᠳᠡᠭᠡ ᠵᠡᠷᠭᠡ ᠭᠠᠵᠠᠷ ᠢᠶᠠᠷ ᠪᠠᠶᠢᠴᠠᠭᠠᠨ ᠦᠵᠡᠵᠦ᠂ ᠪᠣᠭᠤᠮᠲᠠ ᠶᠢᠨ ᠰᠠᠭᠤᠷᠢ ᠪᠦᠲᠦᠭᠡᠨ ᠪᠠᠶᠢᠭᠤᠯᠤᠯᠲᠠ᠂ ᠪᠣᠭᠤᠮᠲᠠ ᠪᠠᠷ ᠥᠩᠭᠡᠷᠡᠬᠦ ᠪᠠᠷᠠᠭᠠᠨ ᠤ ᠪᠠᠶᠢᠳᠠᠯ ᠢ ᠣᠶᠢᠯᠠᠭᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号