ᠵᠡᠭᠦᠨ ᠦᠵᠦᠮᠦᠴᠢᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ᠄ ᠣᠯᠠᠨ ᠰᠠᠯᠠᠭ᠎ᠠ ᠮᠥᠴᠢᠷ ᠲᠠᠢ ᠬᠤᠯᠪᠤᠭᠠᠯᠠᠨ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠭᠠᠳᠠᠭᠠᠳᠤ ᠳᠤ ᠬᠤᠯᠪᠣᠭᠳᠠᠬᠤ ᠬᠡᠮ ᠰᠣᠭᠤᠭ ᠢ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2023/10/9
      ᠬᠠᠷᠢᠶ᠎ᠠ ᠣᠷᠣᠨ ᠤ ᠨᠡᠶᠢᠭᠡᠮ ᠤᠨ ᠲᠠᠯ᠎ᠠ ᠶᠢᠨ ᠭᠠᠳᠠᠭᠠᠳᠤ ᠳᠤ ᠬᠤᠯᠪᠣᠭᠳᠠᠬᠤ ᠠᠶᠤᠯ ᠲᠦᠭᠰᠢᠭᠦᠷᠢ ᠶᠢᠨ ᠳᠠᠯᠳᠠ ᠬᠡᠮ ᠢ ᠭᠦᠨᠵᠡᠭᠡᠢ ᠪᠠᠶᠢᠴᠠᠭᠠᠬᠤ ᠶᠢᠨ ᠭᠤᠣᠯᠳᠠᠯᠭ᠎ᠠ ᠲᠠᠢ ᠲᠠᠯᠠᠪᠤᠷ ᠭᠠᠵᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠷᠠᠯᠳᠤᠭᠤᠯᠤᠭᠰᠠᠨ ᠪᠥᠬᠦ ᠬᠤᠰᠢᠭᠤᠨ ᠤ ︽ᠭᠤᠷᠪᠠᠨ ᠬᠠᠤᠯᠢ ᠪᠤᠰᠤ︾ ᠭᠠᠳᠠᠭᠠᠳᠤ ᠶᠢᠨ ᠬᠥᠮᠥᠨ ᠤ ᠬᠠᠮᠢᠶᠠᠷᠤᠯᠲᠠ ᠵᠣᠬᠢᠴᠠᠭᠤᠯᠭ᠎ᠠ ᠶᠢᠨ ᠲᠣᠭᠲᠠᠴᠠ ᠶᠢᠨ ᠠᠵᠢᠯ ᠤᠨ ᠬᠤᠷᠠᠯ ᠤᠨ ᠱᠠᠭᠠᠷᠳᠠᠯᠭ᠎ᠠ ᠶᠣᠰᠣᠭᠠᠷ᠂ ᠣᠶᠢᠷ᠎ᠠ ᠳᠤ᠂ ᠬᠢᠯᠢ ᠪᠠᠷ ᠣᠷᠣᠵᠤ ᠭᠠᠷᠬᠤ ᠬᠠᠮᠢᠶᠠᠷᠤᠯᠲᠠ ᠶᠢᠨ ᠶᠡᠭᠡ ᠠᠩᠭᠢ ᠲᠦᠷᠦᠭᠦᠯᠡᠨ᠂ ᠬᠢᠯᠢ ᠶᠢᠨ ᠬᠠᠮᠢᠶᠠᠷᠤᠯᠲᠠ ᠶᠢᠨ ᠲᠣᠮᠢᠯᠠᠭᠰᠠᠨ ᠰᠠᠯᠪᠤᠷᠢ᠂ ᠵᠡᠭᠦᠨ ᠬᠠᠲᠠᠪᠴᠢ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠵᠡᠭᠦᠨ ᠬᠠᠲᠠᠪᠴᠢ ᠪᠣᠭᠤᠮᠲᠠ ᠳᠤ ᠭᠦᠨᠵᠡᠭᠡᠶᠢᠷᠡᠨ ᠭᠠᠳᠠᠭᠠᠳᠤ ᠳᠤ ᠬᠤᠯᠪᠣᠭᠳᠠᠬᠤ ᠠᠶᠤᠯ ᠲᠦᠭᠰᠢᠭᠦᠷᠢ ᠶᠢᠨ ᠬᠡᠮ ᠰᠣᠭᠤᠭ ᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃      ᠬᠠᠮᠲᠤᠷᠠᠭᠰᠠᠨ ᠪᠠᠶᠢᠴᠠᠭᠠᠬᠤ ᠳᠤᠭᠤᠶᠢᠯᠠᠩ ᠤᠨ ᠬᠢᠨ ᠵᠡᠭᠦᠨ ᠬᠠᠲᠠᠪᠴᠢ ᠪᠠᠯᠭᠠᠰᠤᠨ ᠤ ᠭᠠᠳᠠᠭᠠᠳᠤ ᠳᠤ ᠬᠤᠯᠪᠣᠭᠳᠠᠬᠤ ᠭᠤᠣᠯᠳᠠᠯᠭ᠎ᠠ ᠲᠠᠢ ᠲᠠᠯᠠᠪᠤᠷ ᠲᠤ ᠭᠦᠨᠵᠡᠭᠡᠶᠢᠷᠡᠵᠦ᠂ ᠲᠤᠬᠠᠢ ᠶᠢᠨ ᠭᠠᠵᠠᠷ ᠲᠤᠨᠢ ᠣᠴᠢᠵᠤ ᠪᠠᠶᠢᠴᠠᠭᠠᠬᠤ᠂ ᠺᠣᠮᠫᠢᠦ᠋ᠲ᠋ᠧᠷ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠭᠠᠳᠠᠭᠠᠳᠤ ᠶᠢᠨ ᠬᠥᠮᠥᠨ ᠤ ᠬᠤᠨᠤᠭ ᠪᠠᠭᠤᠳᠠᠯ ᠤᠨ ᠳᠠᠩᠰᠠᠯᠠᠯᠲᠠ᠂ ︽ᠭᠤᠷᠪᠠᠨ ᠬᠠᠤᠯᠢ ᠪᠤᠰᠤ︾ ᠶᠢᠨ ᠬᠠᠤᠯᠢ ᠠᠴᠠ ᠵᠥᠷᠢᠴᠡᠭᠰᠡᠨ ᠠᠵᠢᠯᠯᠠᠭ᠎ᠠ᠂ ᠣᠨᠴᠠ ᠲᠦᠷᠦᠯ ᠤᠨ ᠠᠵᠢᠯ ᠲᠦᠷᠦᠯ ᠤᠨ ᠬᠠᠮᠢᠶᠠᠷᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠠᠶᠤᠯ ᠲᠦᠭᠰᠢᠭᠦᠷᠢ ᠶᠢᠨ ᠬᠡᠮ ᠰᠣᠭᠤᠭ ᠢ ᠲᠥᠪᠯᠡᠷᠡᠭᠦᠯᠦᠨ ᠪᠠᠶᠢᠴᠠᠭᠠᠵᠤ᠂ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠳᠠᠩᠰᠠᠯᠠᠵᠠᠢ᠃ ᠲᠤᠰ ᠤᠳᠠᠭᠠᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠬᠠᠮᠲᠤᠷᠠᠨ ᠪᠠᠶᠢᠴᠠᠭᠠᠬᠤ ᠠᠵᠢᠯᠯᠠᠭ᠎ᠠ ᠪᠠᠷ ᠳᠡᠮᠵᠢᠨ᠂ ᠣᠳᠣᠬᠠᠨ ᠤ ᠪᠣᠭᠤᠮᠲᠠ ᠶᠢᠨ ᠭᠠᠵᠠᠷ ᠣᠷᠣᠨ ᠳᠤ ᠣᠷᠣᠰᠢᠵᠤ ᠪᠠᠶᠢᠭ᠎ᠠ ᠡᠯ᠎ᠡ ᠲᠦᠷᠦᠯ ᠤᠨ ᠭᠠᠳᠠᠭᠠᠳᠤ ᠳᠤ ᠬᠤᠯᠪᠣᠭᠳᠠᠬᠤ ᠠᠶᠤᠯ ᠲᠦᠭᠰᠢᠭᠦᠷᠢ ᠶᠢᠨ ᠭᠡᠮ ᠰᠣᠭᠤᠭ ᠢ ᠣᠨᠣᠪᠴᠢᠲᠠᠢ ᠡᠵᠡᠮᠰᠢᠵᠦ᠂ ᠪᠣᠳᠠᠲᠠᠢ ᠳᠤ ᠨᠡᠶᠢᠴᠡᠭᠰᠡᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠬᠠᠮᠲᠤᠪᠠᠷ ᠵᠥᠪᠳᠡᠯᠴᠡᠬᠦ ᠶᠢᠨ ᠬᠠᠮᠲᠤ ᠠᠵᠢᠯ ᠬᠤᠪᠢᠶᠠᠷᠢᠯᠠᠨ ᠬᠠᠮᠵᠢᠯᠴᠠᠬᠤ ᠲᠣᠭᠲᠠᠴᠠ ᠶᠢ ᠲᠡᠭᠦᠯᠳᠡᠷᠵᠢᠭᠦᠯᠬᠦ᠂ ᠭᠠᠳᠠᠭᠠᠳᠤ ᠶᠢᠨ ᠬᠥᠮᠥᠨ ᠤ ᠦᠢᠯᠡᠴᠢᠯᠡᠭᠡ ᠬᠠᠮᠢᠶᠠᠷᠤᠯᠲᠠ ᠶᠢ ᠴᠢᠩᠭᠠᠳᠬᠠᠬᠤ᠂ ᠪᠣᠭᠤᠮᠲᠠ ᠶᠢᠨ ᠭᠠᠵᠠᠷ ᠣᠷᠣᠨ ᠤ ᠭᠠᠳᠠᠭᠠᠳᠤ ᠳᠤ ᠬᠤᠯᠪᠣᠭᠳᠠᠬᠤ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠶᠢᠨ ᠲᠣᠭᠤᠷᠢᠨ ᠳᠤ ᠰᠠᠨᠠᠯ ᠨᠢᠭᠡᠲᠡᠢ ᠪᠣᠯᠪᠠ᠃      ᠳᠠᠷᠠᠭ᠎ᠠ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠢᠨ ᠬᠢᠯᠢ ᠬᠢᠵᠠᠭᠠᠷ ᠢ ᠬᠠᠮᠢᠶᠠᠷᠤᠨ ᠡᠵᠡᠮᠳᠡᠬᠦ᠂ ᠬᠢᠯᠢ ᠶᠢᠨ ᠪᠣᠭᠤᠮᠲᠠ ᠶᠢ ᠪᠠᠶᠢᠴᠠᠭᠠᠨ ᠪᠠᠷᠢᠪᠴᠢᠯᠠᠬᠤ᠂ ᠲᠤᠰᠬᠠᠢ ᠴᠣᠬᠢᠯᠲᠠ ᠥᠭᠬᠦ ᠠᠵᠢᠯᠯᠠᠭ᠎ᠠ ᠵᠡᠷᠭᠡ ᠲᠠᠯ᠎ᠠ ᠶᠢᠨ ᠮᠡᠳᠡᠭᠡ ᠵᠠᠩᠭᠢ ᠶᠢᠨ ᠨᠡᠪᠲᠡᠷᠡᠯᠴᠡᠭᠡ ᠶᠢ ᠦᠷᠭᠦᠯᠵᠢᠯᠡᠨ ᠴᠢᠩᠭᠠᠳᠬᠠᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠣᠳᠣᠬᠠᠨ ᠤ ᠬᠢᠯᠢ ᠶᠢᠨ ᠳᠣᠲᠣᠨ᠎ᠠ ᠭᠠᠳᠠᠨᠠᠬᠢ ᠳᠠᠶᠢᠰᠤᠩᠨᠠᠭᠴᠢ ᠬᠦᠴᠦᠨ ᠤ ᠰᠢᠨ᠎ᠡ ᠬᠠᠨᠳᠤᠰᠢ ᠰᠢᠨ᠎ᠡ ᠣᠨᠴᠠᠯᠢᠭ ᠢ ᠣᠨᠣᠪᠴᠢᠲᠠᠶ ᠡᠵᠡᠮᠰᠢᠬᠦ ᠶᠢ ᠠᠬᠢᠭᠤᠯᠵᠤ᠂ ︽ᠭᠤᠷᠪᠠᠨ ᠬᠠᠤᠯᠢ ᠪᠣᠰᠤ︾ ᠭᠠᠳᠠᠭᠠᠳᠤ ᠶᠢᠨ ᠬᠥᠮᠥᠨ ᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠤᠨ ᠬᠠᠮᠲᠤ ᠶᠢᠨ ᠬᠦᠴᠦᠨ ᠢ ᠬᠠᠮᠲᠤ ᠪᠠᠷ ᠳᠡᠭᠡᠭᠰᠢᠯᠡᠭᠦᠯᠵᠦ᠂ ᠬᠢᠯᠢ ᠶᠢᠨ ᠪᠣᠭᠤᠮᠲᠠ ᠬᠢᠯᠢ ᠶᠢᠨ ᠬᠠᠮᠢᠶᠠᠷᠤᠯᠲᠠ ᠡᠵᠡᠮᠳᠡᠯ ᠢ ᠨᠠᠩ ᠣᠨᠣᠪᠴᠢᠲᠠᠶ ᠪᠥᠭᠡᠳ ᠨᠢᠭᠲᠠ ᠴᠢᠩᠭ᠎ᠠ ᠪᠠᠶᠢᠯᠭᠠᠬᠤ ᠶᠢ ᠪᠠᠲᠤᠯᠠᠵᠤ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠠᠵᠤ ᠠᠬᠤᠢ ᠶᠢᠨ ᠬᠥᠭᠵᠢᠯᠲᠡ ᠳᠤ ᠰᠠᠶᠢᠨ ᠰᠠᠶᠢᠬᠠᠨ ᠠᠮᠤᠷ ᠲᠦᠪᠰᠢᠨ ᠤ ᠣᠷᠴᠢᠨ ᠲᠣᠭᠤᠷᠢᠨ ᠢ ᠬᠠᠩᠭᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号