ᠦᠰᠦᠭ ᠪᠢᠴᠢᠭ ᠤᠨ ᠲᠠᠶᠢᠯᠤᠮᠵᠢ᠄《 ᠵᠡᠭᠦᠨ ᠦᠵᠦᠮᠦᠴᠢᠨ ᠬᠤᠰᠢᠭᠤᠨ ᠤ ᠣᠨᠴᠠ ᠬᠦᠴᠢᠷᠳᠡᠯᠲᠡᠶ ᠬᠥᠮᠦᠰ ᠢ ᠲᠣᠭᠲᠠᠭᠠᠬᠤ ᠠᠷᠭ᠎ᠠ》 ᠶᠢᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2023/11/1
      ᠨᠢᠭᠡ᠂ ᠪᠢᠴᠢᠭ ᠮᠠᠲ᠋ᠧᠷᠢᠶᠠᠯ ᠲᠣᠭᠲᠠᠭᠠᠬᠤ ᠶᠢᠨ ᠴᠢᠬᠤᠯᠠ ᠴᠢᠨᠠᠷ      ᠣᠨᠴᠠ ᠬᠦᠴᠢᠷᠳᠡᠯᠲᠡᠶ ᠬᠥᠮᠦᠰ ᠪᠣᠯ ᠠᠮᠢᠳᠤᠷᠠᠯ ᠨᠢ ᠬᠦᠴᠢᠷᠳᠡᠯ ᠲᠠᠢ᠂ ᠥᠮᠥᠭ ᠲᠦᠰᠢᠭ ᠥᠬᠡᠶ᠂ ᠬᠠᠷᠠᠭᠠᠯᠵᠠᠬᠤ ᠬᠥᠮᠦᠨ ᠥᠬᠡᠶ᠂ ᠶᠠᠳᠠᠭᠤ ᠬᠦᠴᠢᠷᠳᠡᠯ ᠲᠠᠢ ᠣᠯᠠᠨ ᠲᠦᠮᠡᠨ ᠤ ᠳᠣᠲᠣᠷᠠᠬᠢ ᠬᠠᠮᠤᠭ ᠤᠨ ᠬᠦᠴᠢᠷᠳᠡᠯ ᠲᠠᠢ᠂ ᠬᠠᠮᠤᠭ ᠤᠨ ᠬᠡᠪᠡᠷᠡᠭ ᠬᠠᠮᠲᠤ ᠨᠡᠶᠢᠲᠡ ᠪᠣᠯᠤᠨ᠎ᠠ᠃ ᠮᠠᠨ ᠤ ᠬᠤᠰᠢᠭᠤᠨ ᠤ ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠠᠵᠢᠯ ᠢ ᠵᠢᠷᠤᠮᠵᠢᠭᠤᠯᠵᠤ᠂ ᠨᠥᠬᠦᠴᠡᠯ ᠳᠤ ᠨᠡᠶᠢᠴᠡᠬᠦ ᠬᠦᠴᠢᠷᠳᠡᠯᠲᠡᠶ ᠣᠯᠠᠨ ᠲᠦᠮᠡᠨ ᠢ ᠦᠨᠡᠨᠬᠦ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠬᠡᠪᠴᠢᠶᠡᠨ ᠳᠤ ᠣᠷᠣᠭᠤᠯᠬᠤ ᠶᠢᠨ ᠲᠦᠯᠦᠭᠡ᠂ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠱᠠᠲᠤᠨ ᠤ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠠᠷᠭ᠎ᠠ ᠶᠢ ᠲᠣᠭᠲᠠᠭᠠᠪᠠ᠃        ᠬᠤᠶᠠᠷ᠂ ᠲᠤᠭᠤᠷᠪᠢᠨ ᠪᠢᠴᠢᠭᠰᠡᠨ ᠦᠨᠳᠦᠰᠦᠯᠡᠯ      ᠲᠤᠰ ᠪᠢᠴᠢᠭ ᠮᠠᠲ᠋ᠧᠷᠢᠶᠠᠯ ᠤᠨ ᠦᠨᠳᠦᠰᠦ ᠪᠠᠷᠢᠮᠲᠠ᠄《ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠦᠷ ᠬᠡᠷᠡᠭᠵᠢᠭᠦᠯᠬᠦ ᠠᠷᠭ᠎ᠠ》(ᠲᠦᠷᠦ ᠶᠢᠨ ᠶᠠᠪᠤᠳᠠᠯ ᠤᠨ ᠬᠤᠷᠢᠶᠠᠨ ᠤ 649 ᠵᠠᠷᠯᠢᠭ)《ᠣᠨᠴᠠ ᠬᠦᠴᠢᠷᠳᠡᠯᠲᠡᠢ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ》(ᠲᠥᠷᠥ ᠲᠠᠷᠬᠠᠭᠠᠭᠰᠠᠨ ︹ 2016 ︺ 14 ᠲᠣᠭᠠᠲᠤ)《〈ᠣᠨᠴᠠ ᠬᠦᠴᠢᠷᠳᠡᠯᠲᠡᠶ ᠬᠥᠮᠦᠰ ᠢ ᠲᠤᠭᠲᠠᠭᠠᠬᠤ ᠠᠷᠭ᠎ᠠ〉 ᠶᠢ ᠳᠠᠷᠤᠮᠠᠯᠯᠠᠨ ᠲᠠᠷᠬᠠᠭᠠᠬᠤ ᠲᠤᠬᠠᠶ ᠠᠷᠠᠳ ᠤᠨ ᠶᠠᠪᠤᠳᠠᠯ ᠤᠨ ᠶᠠᠮᠤᠨ ᠤ ᠮᠡᠳᠡᠭᠳᠡᠯ》(ᠠᠷᠠᠳ ᠲᠠᠷᠬᠠᠭᠠᠭᠰᠠᠨ ︹ 2021 ︺ 43 ᠲᠣᠭᠠᠲᠤ)ᠪᠠ《ᠣᠨᠴᠠ ᠬᠦᠴᠢᠷᠳᠡᠯᠲᠡᠶ ᠬᠥᠮᠦᠰ ᠢ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠲᠦᠷᠢᠮ ᠢ ᠤᠯᠠᠮ ᠨᠢᠭᠡ ᠠᠯᠬᠤᠮ ᠪᠦᠷᠢᠨᠰᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ》( ᠥᠪᠥᠷ ᠵᠠᠰᠠᠭ ᠲᠠᠷᠬᠠᠭᠠᠭᠰᠠᠨ ︹ 2016 ︺ 106 ᠲᠣᠭᠠᠲᠤ)ᠵᠡᠷᠭᠡ ᠤᠯᠤᠰ᠂ ᠥᠪᠡᠷᠲᠡᠭᠡᠨ ᠵᠠᠰᠠᠬᠤ ᠣᠷᠣᠨ ᠵᠢᠴᠢ ᠠᠶᠢᠮᠠᠭ ᠱᠠᠲᠤᠨ ᠤ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠲᠣᠭᠲᠠᠭᠠᠪᠠ᠃      ᠭᠤᠷᠪᠠ᠂ ᠲᠤᠭᠤᠷᠪᠢᠨ ᠪᠢᠴᠢᠭᠰᠡᠨ ᠶᠠᠪᠤᠴᠠ       ᠳᠡᠭᠡᠷ᠎ᠡ ᠱᠠᠲᠤᠨ ᠤ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠬᠤ᠂ ᠪᠠᠶᠢᠴᠠᠭᠠᠨ ᠰᠤᠳᠤᠯᠤᠯᠲᠠ ᠬᠢᠬᠦ᠂ ᠰᠠᠨᠠᠯ ᠬᠤᠷᠢᠶᠠᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠲᠤᠭᠤᠷᠪᠢᠬᠤ ᠠᠵᠢᠯ ᠢ ᠥᠷᠨᠢᠭᠦᠯᠪᠠ᠃ ᠣᠳᠣᠬᠠᠨ ᠤ《ᠠᠷᠭ᠎ᠠ》 ᠶᠢ ᠪᠤᠢ ᠪᠣᠯᠭᠠᠪᠠ᠃      ᠳᠥᠷᠪᠡ᠂ ᠭᠤᠤᠯ ᠠᠭᠤᠯᠭ᠎ᠠ      ᠣᠨᠴᠠ ᠬᠦᠴᠢᠷᠳᠡᠯᠲᠡᠶ ᠬᠥᠮᠦᠰ ᠤᠨ ᠲᠣᠭᠤᠷᠢᠨ ᠳᠤ ᠠᠷᠭ᠎ᠠ ᠲᠣᠭᠲᠠᠭᠠᠬᠤ ᠶᠢᠨ ᠴᠢᠬᠤᠯᠠ ᠴᠢᠨᠠᠷ᠂ ᠵᠠᠷᠴᠢᠮ ︔ ᠣᠨᠴᠠ ᠬᠦᠴᠢᠷᠳᠡᠯᠲᠡᠶ ᠬᠥᠮᠦᠰ ᠢ ᠲᠣᠭᠲᠠᠭᠠᠬᠤ ᠨᠥᠬᠦᠴᠡᠯ︔ ᠣᠨᠴᠠ ᠬᠦᠴᠢᠷᠳᠡᠯᠲᠡᠶ ᠬᠥᠮᠦᠰ ᠢ ᠭᠤᠶᠤᠴᠢᠯᠠᠬᠤ ᠵᠢᠴᠢ ᠭᠥᠯᠢᠶᠡᠨ ᠠᠪᠴᠤ ᠰᠢᠢᠳᠪᠦᠷᠢᠯᠡᠬᠦ︔ ᠣᠨᠴᠠ ᠬᠦᠴᠢᠷᠳᠡᠯᠲᠡᠶ ᠬᠥᠮᠦᠰ ᠢ ᠬᠢᠨᠠᠨ ᠬᠠᠷᠭᠤᠭᠤᠯᠵᠤ ᠨᠤᠲᠠᠯᠠᠬᠤ︔ ᠣᠨᠴᠠ ᠬᠦᠴᠢᠷᠳᠡᠯᠲᠡᠶ ᠬᠥᠮᠦᠰ ᠤᠨ ᠠᠮᠢᠳᠤᠷᠠᠯ ᠢᠶᠠᠨ ᠠᠷᠭᠠᠴᠠᠬᠤ ᠴᠢᠳᠠᠪᠤᠷᠢ ᠶᠢ ᠦᠨᠡᠯᠡᠨ ᠵᠢᠱᠢᠬᠦ︔ ᠠᠪᠤᠷᠠᠨ ᠲᠤᠰᠠᠯᠠᠵᠤ ᠠᠰᠠᠷᠠᠨ ᠲᠡᠵᠢᠭᠡᠬᠦ ᠶᠢ ᠵᠣᠭᠰᠣᠭᠠᠬᠤ ᠵᠡᠷᠭᠡ ᠲᠠᠯ᠎ᠠ ᠪᠠᠷ ᠨᠠᠷᠢᠨ ᠲᠣᠭᠲᠠᠭᠠᠯ ᠭᠠᠷᠭᠠᠪᠠ᠃      ᠲᠠᠪᠤ᠂ ᠬᠡᠷᠡᠭᠵᠢᠭᠦᠯᠬᠦ ᠡᠳᠦᠷ ᠬᠤᠭᠤᠴᠠᠭ᠎ᠠ ᠶᠢᠨ ᠲᠤᠬᠠᠢ ᠲᠣᠳᠣᠷᠬᠠᠶᠢᠯᠠᠯᠲᠠ      ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号