ᠦᠰᠦᠭ ᠪᠢᠴᠢᠭ ᠤᠨ ᠲᠠᠶᠢᠯᠤᠮᠵᠢ᠄ ︽2023 ᠣᠨ ᠤ ᠵᠡᠭᠦᠨ ᠦᠵᠦᠮᠦᠴᠢᠨ ᠬᠤᠰᠢᠭᠤᠨ ᠤ ᠲᠠᠯ᠎ᠠ ᠨᠤᠲᠤᠭ ᠤᠨ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠬᠢᠵᠠᠭᠠᠷᠯᠠᠬᠤ ᠠᠯᠪᠠᠨ ᠵᠠᠷᠯᠠᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/11/1
      ᠨᠢᠭᠡ᠂ ᠠᠯᠪᠠᠨ ᠵᠠᠷᠯᠠᠯ ᠨᠡᠶᠢᠲᠡᠯᠡᠬᠦ ᠵᠣᠷᠢᠯᠭ᠎ᠠ      ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠠᠴᠠ ᠨᠤᠲᠤᠭ ᠪᠡᠯᠴᠢᠭᠡᠷ ᠤᠨ ᠠᠵᠢᠯ ᠤᠨ ᠥᠷᠲᠡᠭᠡ ᠶᠢ ᠵᠣᠬᠢᠶᠠᠨ ᠪᠠᠶᠢᠭᠤᠯᠵᠤ᠂ ᠨᠢᠳᠤᠨᠤᠨ ᠨᠠᠮᠤᠷ ᠵᠢᠴᠢ ᠡᠨᠡ ᠬᠠᠪᠤᠷ ᠤᠨ ᠤᠯᠠᠷᠢᠯ ᠤᠨ ᠬᠤᠷᠣᠬᠠᠢ ᠶᠢᠨ ᠬᠥᠨᠥᠭᠡᠯ ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠭᠰᠡᠨ ᠰᠠᠭᠤᠷᠢᠨ ᠳᠡᠭᠡᠷ᠎ᠡ᠂ ᠲᠤᠬᠠᠢ ᠶᠢᠨ ᠲᠠᠯᠠᠪᠤᠷ ᠤᠨ ᠪᠠᠶᠢᠴᠠᠭᠠᠯᠲᠠ ᠶᠢᠨ ᠪᠠᠶᠢᠳᠠᠯ ᠲᠠᠢ ᠤᠶᠠᠯᠳᠤᠭᠤᠯᠤᠨ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠬᠤᠷᠣᠬᠠᠢ ᠶᠢᠨ ᠬᠥᠨᠥᠭᠡᠯ ᠤᠨ ᠥᠨᠳᠥᠷ ᠨᠢᠭᠲᠠᠴᠠ ᠲᠠᠢ ᠣᠷᠣᠨ ᠳᠤ ᠰᠡᠷᠭᠡᠶᠢᠯᠡᠨ ᠵᠠᠰᠠᠬᠤ ᠠᠵᠢᠯ ᠬᠢᠵᠡᠢ᠃ ᠰᠡᠷᠭᠡᠶᠢᠯᠡᠨ ᠵᠠᠰᠠᠬᠤ ᠣᠷᠣᠨ ᠤ ᠳᠣᠲᠣᠷᠠᠬᠢ ᠥᠷᠭᠡᠨ ᠤᠯᠠᠨ ᠮᠠᠯᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠣᠨᠴᠠᠭᠠᠶᠢᠯᠠᠨ ᠵᠠᠷᠯᠠᠪᠠ᠃      ᠬᠤᠶᠠᠷ᠂ ᠭᠤᠣᠯ ᠠᠭᠤᠯᠭ᠎ᠠ      ︵ᠨᠢᠭᠡ︶ ᠰᠡᠷᠭᠡᠶᠢᠯᠡᠨ ᠵᠠᠰᠠᠬᠤ ᠴᠠᠭ᠄ 2023 ᠣᠨ ᠤ 6 ᠰᠠᠷ᠎ᠠ ᠶᠢᠨ 14 ᠤ ᠡᠳᠦᠷ ᠠᠴᠠ 2023 ᠣᠨ ᠤ 7 ᠰᠠᠷ᠎ᠠ ᠶᠢᠨ 10 ᠤ ᠡᠳᠦᠷ ᠪᠣᠯᠲᠠᠯ᠎ᠠ᠃      ︵ᠬᠤᠶᠠᠷ︶ ᠰᠡᠷᠭᠡᠶᠢᠯᠡᠨ ᠵᠠᠰᠠᠬᠤ ᠭᠠᠵᠠᠷ᠄ ᠠᠯᠲᠠᠨᠬᠢᠯᠢ ᠰᠤᠮᠤ ᠶᠢᠨ ᠪᠠᠶᠠᠨᠬᠠᠩᠭᠠᠢ ᠭᠠᠴᠠᠭ᠎ᠠ︔ ᠬᠦᠷᠢᠶᠡᠳᠦᠨᠠᠭᠤᠷ ᠰᠤᠮᠤ ᠶᠢᠨ ᠪᠠᠶᠠᠨᠴᠠᠭᠠᠨ ᠭᠠᠴᠠᠭ᠎ᠠ᠂ ᠭᠡᠷᠡᠯᠳᠤ ᠭᠠᠴᠠᠭ᠎ᠠ᠂  ᠬᠠᠷᠠᠭᠠᠨᠲᠤ ᠭᠠᠴᠠᠭ᠎ᠠ᠂ ᠴᠠᠭᠠᠨᠨᠠᠭᠤᠷ ᠭᠠᠴᠠᠭ᠎ᠠ᠂ ᠬᠦᠲᠦᠯᠠᠤᠪᠤᠭ᠎ᠠ ᠭᠠᠴᠠᠭ᠎ᠠ᠂ ᠠᠷᠰᠯᠠᠩᠲᠤ ᠭᠠᠴᠠᠭ᠎ᠠ᠂ ᠠᠯᠳ᠋ᠬᠠᠮᠡᠭᠡᠯ ᠭᠠᠴᠠᠭ᠎ᠠ᠂ ᠵᠢᠭᠠᠰᠤᠲᠠᠢ ᠭᠠᠴᠠᠭ᠎ᠠ︔ ᠳᠠᠭᠤᠲᠤᠨᠠᠭᠤᠷ ᠪᠠᠯᠭᠠᠰᠤ ᠶᠢᠨ ᠳᠠᠭᠤᠲᠤᠨᠠᠭᠤᠷ ᠭᠠᠴᠠᠭ᠎ᠠ︔ ᠭᠠᠬᠢᠯ ᠰᠤᠮᠤ ᠶᠢᠨ ᠪᠠᠶᠠᠩᠭᠤᠤᠯ ᠭᠠᠴᠠᠭ᠎ᠠ ᠵᠡᠷᠭᠡ ᠲᠠᠯ᠎ᠠ ᠨᠤᠲᠤᠭ ᠤᠨ ᠬᠤᠷᠣᠬᠠᠢ ᠶᠢᠨ ᠭᠠᠮᠰᠢᠭ ᠶᠡᠬᠡᠲᠡᠢ ᠭᠠᠵᠠᠷ ᠣᠷᠣᠨ ᠤ ᠰᠡᠷᠭᠡᠶᠢᠯᠡᠨ ᠵᠠᠰᠠᠬᠤ ᠲᠠᠯᠠᠪᠠᠶ ᠨᠢ 120 ᠲᠦᠮᠡᠨ ᠮᠦ ᠳᠤ ᠬᠦᠷᠴᠦ᠂ ᠰᠡᠷᠭᠡᠶᠢᠯᠡᠨ ᠵᠠᠰᠠᠬᠤ ᠪᠣᠳᠠᠲᠠᠢ ᠭᠠᠵᠠᠷ ᠣᠷᠣᠨ ᠢ ᠪᠠᠶᠢᠭ᠎ᠠ ᠰᠤᠮᠤ ᠪᠠᠯᠭᠠᠰᠤ᠂ ᠭᠠᠴᠠᠭ᠎ᠠ  ᠠᠴᠠ ᠮᠠᠯᠵᠢᠬᠤ ᠡᠷᠦᠬᠡ ᠳᠤ ᠮᠡᠳᠡᠭᠳᠡᠨ᠎ᠡ᠃      ︵ᠭᠤᠷᠪᠠ︶ ᠰᠡᠷᠭᠡᠶᠢᠯᠡᠨ ᠵᠠᠰᠠᠬᠤ ᠠᠷᠭ᠎ᠠ᠄ ᠨᠢᠰᠬᠡᠯ ᠢᠶᠠᠷ ᠡᠮ ᠰᠦᠷᠴᠢᠬᠦ ᠶᠢ ᠰᠡᠷᠭᠡᠶᠢᠯᠡᠨ ᠵᠠᠰᠠᠬᠤ ᠵᠢᠴᠢ ᠲᠣᠮᠣ ᠬᠡᠯᠪᠡᠷᠢ ᠶᠢᠨ ᠮᠠᠰᠢᠨ ᠢᠶᠠᠷ ᠡᠮ ᠰᠦᠷᠴᠢᠬᠦ ᠶᠢ ᠰᠡᠷᠭᠡᠶᠢᠯᠡᠨ ᠵᠠᠰᠠᠨ᠎ᠠ᠃      ︵ᠳᠥᠷᠪᠡ︶ ᠬᠠᠮᠢᠶ᠎ᠠ ᠪᠦᠬᠦᠢ ᠱᠠᠭᠠᠷᠳᠠᠯᠭ᠎ᠠ᠄ ᠬᠤᠷᠣᠬᠠᠢ ᠶᠢᠨ ᠬᠥᠨᠥᠭᠡᠯ ᠢ ᠰᠡᠷᠭᠡᠶᠢᠯᠡᠨ ᠵᠠᠰᠠᠬᠤ ᠳᠤ ᠮᠦ ᠪᠦᠷᠢ ᠶᠢᠨ ᠬᠡᠷᠡᠭᠯᠡᠬᠦ ᠡᠮ ᠤᠨ ᠬᠡᠮᠵᠢᠶ᠎ᠡ 30ml᠂ ᠡᠮ ᠤᠨ ᠨᠠᠶᠢᠷᠠᠯᠭ᠎ᠠ ᠨᠢ ᠮᠠᠲᠷᠢᠨ ᠱᠦᠯᠲᠦ᠂ ᠨᠢᠮᠪᠢᠨ ᠵᠡᠷᠭᠡ ᠪᠠᠶᠢᠵᠤ᠂ ᠠᠮᠢᠳᠤ ᠪᠣᠳᠠᠰ ᠤᠨ ᠡᠮ ᠤᠨ ᠨᠠᠶᠢᠷᠠᠯᠭ᠎ᠠ ᠳᠤ ᠪᠠᠭᠲᠠᠨ᠎ᠠ᠂ ᠠᠳᠡᠭᠦᠷᠡᠨ ᠢᠳᠡᠵᠦ ᠪᠣᠯᠬᠤ ᠦᠭᠡᠢ᠃ ᠰᠡᠷᠭᠡᠶᠢᠯᠡᠨ ᠵᠠᠰᠠᠭᠰᠠᠨ ᠤ ᠳᠠᠷᠠᠭᠠᠬᠢ ᠪᠡᠯᠴᠢᠭᠡᠷ ᠲᠤ ᠡᠷᠬᠡᠪᠰᠢ 7 ᠡᠳᠦᠷ ᠪᠡᠯᠴᠢᠭᠡᠷᠯᠡᠭᠦᠯᠬᠦ ᠶᠢ ᠴᠠᠭᠠᠵᠠᠯᠠᠵᠤ᠂ ᠮᠠᠯᠵᠢᠬᠤ ᠣᠷᠣᠨ ᠤ ᠮᠠᠯ ᠤᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号