ᠦᠰᠦᠭ ᠪᠢᠴᠢᠭ ᠤᠨ ᠲᠠᠶᠢᠯᠤᠮᠵᠢ᠄ ︽ᠵᠡᠭᠦᠨ ᠦᠵᠦᠮᠦᠴᠢᠨ ᠬᠤᠰᠢᠭᠤᠨ ᠤ 2023 ᠣᠨ ᠤ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/11/1
      ᠨᠢᠭᠡ᠂ ᠲᠥᠰᠥᠯ ᠲᠣᠭᠲᠠᠭᠠᠬᠤ ᠦᠨᠳᠦᠰᠦᠯᠡᠯ      ᠲᠣᠰ ᠲᠥᠰᠥᠯ ᠢ ᠨᠠᠶᠢᠷᠠᠭᠤᠯᠤᠭᠰᠠᠨ ᠦᠨᠳᠦᠰᠦᠯᠡᠯ ᠪᠣᠯ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠥᠳᠡᠯᠭᠡᠭᠡᠨ ᠢ ᠥᠷᠨᠢᠭᠦᠯᠬᠦ ᠲᠤᠬᠠᠢ ᠬᠡᠷᠡᠭᠵᠢᠭᠦᠯᠬᠦ ᠠᠷᠭ᠎ᠠ︾᠂ ︽ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ︵ᠪᠥᠬᠦ ᠨᠤᠭᠤᠭᠠᠷᠠᠭᠤᠯᠬᠤ ᠥᠰᠥᠭ ﹇2017﹈ 6 ᠲᠣᠭᠠᠲᠤ︶ ᠪᠠ ︽ᠬᠢᠵᠢᠭ ᠰᠡᠷᠭᠡᠶᠢᠯᠡᠬᠦ ᠨᠥᠬᠦᠴᠡᠯ ᠳᠣᠣᠷ᠎ᠠ ᠬᠠᠪᠤᠷ ᠤᠨ ᠤᠯᠠᠷᠢᠯ ᠤᠨ ᠣᠶᠢᠵᠢᠭᠤᠯᠵᠤ ᠨᠣᠭᠤᠭᠠᠷᠠᠭᠤᠯᠬᠤ ᠠᠵᠢᠯ ᠢ ᠢᠳᠡᠪᠬᠢᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠢᠩᠬᠢᠮ ᠢᠯᠡ ᠴᠠᠬᠢᠯᠭᠠᠨ ﹇2020﹈ 7 ᠲᠣᠭᠠᠲᠤ︶᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠥᠯ ᠢ ᠣᠨᠴᠠᠭᠠᠶᠢᠯᠠᠨ ᠲᠣᠭᠲᠠᠭᠠᠪᠠ᠃ ᠰᠢ ᠶᠢᠨ ᠫᠢᠩ ᠶᠡᠷᠦᠩᠬᠡᠢ ᠱᠦᠵᠢ ᠶᠢᠨ ᠳᠤᠷᠠᠳᠤᠭᠰᠠᠨ ︽ᠪᠣᠬᠢᠷᠲᠤᠯ ᠦᠭᠡᠢ ᠬᠥᠭᠵᠢᠯᠲᠡ ᠶᠢ ᠦᠢᠯᠡᠳᠦᠯᠭᠡᠵᠢᠭᠦᠯᠵᠦ᠂ ᠬᠥᠬᠡᠮᠳᠦᠭ ᠨᠣᠭᠤᠭᠠᠨ ᠠᠭᠤᠯᠠ ᠤᠰᠤ ᠶᠢ ᠬᠠᠮᠠᠭᠠᠯᠠᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠨᠣᠭᠤᠭᠠᠷᠠᠭᠤᠯᠤᠯᠲᠠ ᠶᠢ ᠠᠬᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠬᠠᠷᠢᠭᠤᠴᠠᠯᠭ᠎ᠠ ᠪᠠᠨ ᠭᠦᠢᠴᠡᠳᠬᠡᠬᠦ ᠬᠡᠯᠪᠡᠷᠢ ᠶᠢᠨ ᠲᠠᠯ᠎ᠠ ᠪᠠᠷ ᠰᠢᠨ᠎ᠡ ᠶᠢ ᠡᠭᠦᠳᠴᠦ᠂ ᠮᠣᠳᠣ ᠲᠠᠷᠢᠬᠤ ᠡᠭᠦᠷᠭᠡ ᠪᠠᠨ ᠢᠳᠡᠪᠬᠢᠲᠡᠢ ᠪᠥᠭᠡᠳ ᠡᠮᠬᠢ ᠵᠢᠷᠤᠮ ᠲᠠᠢ ᠪᠠᠷ ᠭᠦᠢᠴᠡᠳᠬᠡᠪᠡ᠃      ᠬᠤᠶᠠᠷ᠂ ᠭᠤᠣᠯ ᠠᠭᠤᠯᠭ᠎ᠠ      ⑴ ᠠᠵᠢᠯᠯᠠᠭ᠎ᠠ ᠶᠢᠨ ᠭᠤᠣᠯ ᠰᠡᠳᠦᠪ᠂ ᠵᠠᠰᠠᠭ ᠤᠨ ᠣᠷᠳᠣᠨ ᠠᠴᠠ ᠭᠤᠣᠯᠯᠠᠨ ᠤᠳᠤᠷᠢᠳᠬᠤ᠂ ᠪᠦᠬᠦ ᠠᠷᠠᠳ ᠢᠶᠠᠷ ᠢᠶᠠᠨ ᠣᠷᠣᠯᠴᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠨᠡᠶᠢᠭᠡᠮ ᠤᠨ ᠡᠯ᠎ᠡ ᠡᠲᠡᠭᠡᠳ ᠢ ᠥᠷᠭᠡᠨ ᠢᠶᠠᠷ ᠲᠠᠶᠢᠴᠢᠯᠠᠨ ᠠᠯᠪᠠᠨ ᠵᠢᠷᠤᠮ ᠤᠨ ᠮᠣᠳᠣ ᠲᠠᠷᠢᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠤᠨ᠎ᠠ᠃ ᠪᠦᠬᠦ ᠠᠷᠠᠳ ᠢᠶᠠᠷ ᠢᠶᠠᠨ ᠨᠣᠭᠤᠭᠠᠷᠠᠭᠤᠯᠤᠯᠲᠠ ᠳᠤ ᠣᠷᠣᠯᠴᠠᠬᠤ ᠪᠦᠷᠬᠦᠴᠡ ᠶᠢ ᠥᠷᠭᠡᠳᠬᠡᠵᠦ᠂ ᠪᠦᠬᠦ ᠠᠷᠠᠳ ᠲᠤ ᠠᠯᠪᠠᠨ ᠵᠢᠷᠤᠮ ᠤᠨ ᠮᠣᠳᠣ ᠲᠠᠷᠢᠬᠤ ᠰᠢᠨ᠎ᠡ ᠠᠭᠤᠯᠤᠭᠳᠠᠬᠤᠨ ᠢ ᠣᠯᠭᠤᠵᠤ᠂ ᠠᠮᠢ ᠠᠬᠤᠢ ᠶᠢᠨ ᠪᠣᠯᠪᠠᠰᠤᠨ ᠤ ᠣᠶᠢᠯᠠᠭᠠᠭᠳᠠᠬᠤᠨ ᠢ ᠬᠥᠮᠥᠰ ᠤᠨ ᠰᠡᠳᠬᠢᠯ ᠳᠤ ᠬᠠᠳᠠᠩᠰᠢᠭᠤᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠬᠥᠳᠡᠯᠭᠡᠭᠡᠨ ᠢ ᠰᠢᠨ᠎ᠡ ᠳᠡᠭᠲᠡᠷ ᠲᠤ ᠭᠠᠷᠭᠠᠨ᠎ᠠ᠃      ⑵ᠠᠵᠢᠯᠯᠠᠭ᠎ᠠ ᠶᠢᠨ ᠬᠠᠷᠠᠯᠲᠠ᠂ ᠠᠯᠪᠠᠨ ᠵᠢᠷᠤᠮ ᠤᠨ ᠮᠣᠳᠣ ᠳᠠᠷᠢᠬᠤ ᠪᠠ ᠨᠣᠭᠤᠭᠠᠷᠠᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠪᠥᠬᠦ ᠠᠷᠠᠳ ᠢᠶᠠᠷ ᠢᠶᠠᠨ ᠭᠡᠷ ᠣᠷᠣᠨ ᠢᠶᠠᠨ ᠨᠣᠭᠤᠭᠠᠷᠠᠭᠤᠯᠵᠤ ᠭᠤᠶᠣᠵᠢᠭᠤᠯᠬᠤ ᠳᠤ ᠢᠳᠡᠪᠬᠢᠲᠡᠢ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ᠃      ⑶ᠠᠵᠢᠯᠯᠠᠭ᠎ᠠ ᠶᠢᠨ ᠠᠴᠢᠶᠠᠯᠠᠪᠤᠷᠢ᠂ ᠪᠠᠶᠢᠭᠠᠯᠢ ᠶᠢ ᠬᠦᠨᠳᠦᠳᠬᠡᠬᠦ᠂ ᠪᠠᠶᠢᠭᠠᠯᠢ ᠲᠠᠢ ᠵᠣᠬᠢᠴᠠᠬᠤ᠂ ᠪᠠᠶᠢᠭᠠᠯᠢ ᠶᠢ ᠬᠠᠮᠠᠭᠠᠯᠠᠬᠤ ᠣᠶᠢᠯᠠᠭᠠᠭᠳᠠᠬᠤᠨ ᠢ ᠦᠨᠳᠦᠰᠦᠯᠡᠨ᠂ ᠠᠷᠠᠴᠢᠯᠠᠵᠤ ᠬᠠᠮᠠᠭᠠᠯᠠᠬᠤ ᠠᠵᠢᠯᠯᠠᠭ᠎ᠠ᠂ ᠨᠣᠭᠤᠭᠠᠷᠠᠭᠤᠯᠤᠯᠲᠠ ᠶᠢᠨ ᠬᠠᠤᠯᠢ ᠳᠦᠷᠢᠮ ᠤᠨ ᠤᠬᠠᠭᠤᠯᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠪᠦᠲᠦᠮᠵᠢᠲᠡᠶ ᠠᠴᠢᠶᠠᠯᠠᠪᠤᠷᠢ ᠶᠢ ᠭᠦᠢᠴᠡᠳ ᠠᠭᠤᠳᠠᠯᠵᠤ᠂ ᠪᠦᠬᠦ ᠠᠷᠠᠳ ᠤᠨ ᠠᠯᠪᠠᠨ ᠵᠢᠷᠤᠮ ᠤᠨ ᠮᠣᠳᠣ ᠲᠠᠷᠢᠬᠤ ᠰᠢᠨ᠎ᠡ ᠠᠭᠤᠯᠤᠭᠳᠠᠬᠤᠨ ᠢ ᠣᠯᠭᠤᠨ᠎ᠠ᠃      ⑷ᠠᠵᠢᠯᠯᠠᠭ᠎ᠠ ᠶᠢᠨ ᠤᠬᠠᠭᠤᠯᠭ᠎ᠠ᠂ ᠡᠯ᠎ᠡ ᠨᠢᠭᠡᠴᠡ ᠨᠦᠭᠦᠳ ᠡᠯ᠎ᠡ ᠵᠡᠭᠡᠯᠢ ᠭᠤᠳᠤᠮᠵᠢ ᠲᠠᠢ ᠬᠤᠯᠪᠤᠭᠠᠯᠠᠨ᠂ ᠨᠡᠶᠢᠭᠡᠮ ᠲᠣᠭᠤᠷᠢᠭ ᠤᠨ ᠳᠠᠪᠬᠤᠷᠭ᠎ᠠ ᠶᠢᠨ ᠤᠬᠠᠭᠤᠯᠭ᠎ᠠ ᠶᠢ ᠵᠣᠬᠢᠶᠠᠨ ᠪᠠᠶᠢᠭᠤᠯᠤᠨ ᠳᠠᠶᠢᠴᠢᠯᠠᠵᠤ᠂ ᠰᠣᠨᠢᠨ ᠰᠡᠳᠬᠦᠯ᠂ ᠰᠦᠯᠵᠢᠶ᠎ᠡ᠂ ᠲᠧᠯᠸᠢᠰ ᠬᠤᠷᠢᠶ᠎ᠠ᠂ ᠷᠠᠳᠢᠣ᠋ ᠨᠡᠪᠲᠡᠷᠡᠭᠦᠯᠭᠡ᠂ ᠰᠢᠯᠵᠢᠮᠡᠯ ᠵᠠᠭᠤᠴᠢᠯᠠᠭᠤᠷ᠂ ᠭᠡᠷ ᠤᠨ ᠭᠠᠳᠠᠨᠠᠬᠢ ᠳᠡᠯᠭᠡᠴᠡ ᠵᠡᠷᠭᠡ ᠠᠴᠢᠶᠠᠯᠠᠪᠤᠷᠢ ᠶᠢ ᠭᠦᠢᠴᠡᠳ ᠠᠰᠢᠭᠯᠠᠨ ᠠᠵᠢᠯᠯᠠᠭ᠎ᠠ ᠶᠢᠨ ᠪᠥᠬᠦ ᠶᠠᠪᠤᠴᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠨ᠎ᠠ᠃      ⑸ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠡᠯ᠎ᠡ ᠰᠤᠮᠤ ᠪᠠᠯᠭᠠᠰᠤ᠂ ᠠᠵᠤ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ᠂ ᠨᠠᠷᠢᠨ ᠨᠢᠮᠪᠠᠢ ᠲᠣᠬᠢᠷᠠᠭᠤᠯᠵᠤ᠂ ᠲᠤᠰᠬᠠᠢ ᠬᠥᠮᠥᠨ ᠲᠣᠭᠲᠠᠭᠠᠨ ᠬᠠᠷᠢᠭᠤᠴᠠᠭᠤᠯᠵᠤ᠂ ᠠᠵᠢᠯᠯᠠᠭ᠎ᠠ ᠶᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠬᠠᠮᠲᠤ ᠲᠣᠰ ᠬᠠᠷᠢᠶ᠎ᠠ ᠣᠷᠣᠨ ᠤ ᠪᠠᠨ ᠪᠥᠬᠦ ᠠᠷᠠᠳ ᠤᠨ ᠠᠯᠪᠠᠨ ᠵᠢᠷᠤᠮ ᠤᠨ ᠮᠣᠳᠣ ᠳᠠᠷᠢᠬᠤ ᠠᠵᠢᠯ ᠢ ᠥᠷᠨᠢᠭᠦᠯᠦᠭᠰᠡᠨ ᠪᠠᠶᠢᠳᠠᠯ ᠢ ᠴᠠᠭ ᠲᠤᠬᠠᠢ ᠳᠤᠨᠢ ᠬᠤᠰᠢᠭᠤ ᠨᠣᠭᠤᠭᠠᠷᠠᠭᠤᠯᠤᠯᠲᠠ ᠶᠢᠨ ᠵᠥᠪᠯᠡᠯ ᠤᠨ ᠠᠯᠪᠠᠨ ᠭᠡᠷ ᠲᠤ ᠮᠡᠳᠡᠭᠦᠯᠦᠨ ᠬᠦᠷᠭᠡᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号