ᠮᠡᠳᠡᠭᠡ ᠵᠠᠩᠭᠢ ᠶᠢᠨ ᠮᠡᠷᠭᠡᠵᠢᠯ ᠤᠨ ᠨᠢᠰᠬᠦ ᠮᠡᠲᠦ ᠲᠦᠷᠭᠡᠨ ᠬᠥᠭᠵᠢᠯᠲᠡ ᠶᠢ ᠳᠠᠭᠠᠯᠳᠤᠨ᠂ ᠡᠯᠧᠺᠲᠷᠣᠨ | ᠬᠤᠳᠠᠯᠳᠤᠭᠠᠨ ᠤ ᠳᠡᠯᠭᠡᠭᠦᠷ ᠨᠢᠭᠡᠨᠲᠡ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠰᠢᠨ᠎ᠡ ᠲᠥᠪᠯᠡᠷᠡᠯ ᠤᠨ ᠴᠡᠭ | ᠪᠣᠯᠤᠭᠰᠠᠨ ᠪᠠᠶᠢᠨ᠎ᠠ᠃ ᠬᠤᠲᠠ ᠣᠷᠣᠵᠤ ᠬᠥᠯᠥᠰᠦᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠬᠦᠴᠦ | ᠶᠠᠪᠤᠭᠰᠠᠳ ᠵᠢᠴᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠵᠤ᠂ ᠲᠡᠳᠡᠨ ᠤ | ᠠᠵᠢᠯ ᠤᠨ ᠪᠠᠶᠢᠷᠢ ᠶᠢᠨ ᠤᠷ᠎ᠠ ᠴᠢᠳᠠᠪᠤᠷᠢ ᠪᠠ ᠠᠵᠢᠯ ᠮᠡᠷᠭᠡᠵᠢᠯ ᠤᠨ ᠥᠷᠢᠰᠦᠯᠳᠦᠭᠡᠨ ᠤ ᠴᠢᠳᠠᠪᠤᠷᠢ ᠶᠢ ᠦᠨᠡᠨ ᠬᠦ | ᠳᠡᠭᠡᠭᠰᠢᠯᠡᠭᠦᠯᠬᠦ ᠶᠢᠨ ᠲᠥᠯᠥᠭᠡ᠂ 10 ᠰᠠᠷ᠎ᠠ ᠶᠢᠨ 27 ᠤ ᠡᠳᠦᠷ᠂ ᠬᠤᠰᠢᠭᠤ ᠠᠵᠢᠯᠴᠢᠨ ᠤ ᠶᠡᠷᠦᠩᠬᠡᠢ ᠡᠪᠯᠡᠯ | ᠪᠣᠯᠣᠨ ᠥᠪ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠦᠨ ᠪᠤᠷᠤᠯᠠᠭᠤᠯᠬᠤ ᠬᠢᠵᠠᠭᠠᠷᠲᠤ | ᠺᠣᠮᠫᠠᠨᠢ ᠬᠠᠮᠲᠤᠷᠠᠨ 2023 ᠣᠨ ᠤ ᠬᠤᠲᠠ ᠣᠷᠣᠵᠤ ᠠᠵᠤ ᠦᠢᠯᠡᠰ ᠡᠷᠬᠢᠯᠡᠬᠦ ᠮᠠᠯᠴᠢᠨ ᠲᠠᠷᠢᠶᠠᠴᠢᠨ ᠳᠤ | ᠡᠯᠧᠺᠲᠷᠣᠨ ᠬᠤᠳᠠᠯᠳᠤᠭᠠᠨ ᠤ ᠪᠣᠯᠪᠠᠰᠤᠷᠠᠯ ᠤᠨ ᠠᠩᠭᠢ ᠡᠷᠭᠢᠯᠡᠪᠡ᠃ | ᠪᠣᠯᠪᠠᠰᠤᠷᠠᠯ ᠤᠨ ᠬᠤᠭᠤᠴᠠᠭᠠᠨ ᠳᠤ ︽ᠵᠡᠭᠦᠨ ᠦᠵᠦᠮᠦᠴᠢᠨ ᠬᠤᠰᠢᠭᠤᠨ ᠤ ᠬᠤᠲᠠ ᠣᠷᠣᠵᠤ ᠠᠵᠤ | ᠦᠢᠯᠡᠰ ᠡᠷᠬᠢᠯᠡᠬᠦ ᠮᠠᠯᠴᠢᠨ ᠲᠠᠷᠢᠶᠠᠴᠢᠨ ᠤ ᠮᠡᠷᠭᠡᠵᠢᠯ ᠪᠤᠯᠪᠠᠰᠤᠷᠠᠯ ᠤᠨ ᠰᠠᠭᠤᠷᠢᠨ ᠭᠠᠵᠠᠷ︾ ᠤᠨ ᠫᠠᠶᠢᠰᠠ ᠰᠡᠬᠦᠬᠦ | ᠶᠣᠰᠣᠯᠠᠯ ᠶᠠᠪᠤᠭᠤᠯᠵᠤ᠂ ᠥᠪ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠬᠢᠵᠠᠭᠠᠷᠲᠤ | ᠺᠣᠮᠫᠠᠨᠢ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠥᠪᠡᠷ ᠤᠨ ᠥᠩᠭᠡᠷᠡᠯᠲᠡ ᠲᠠᠢ ᠪᠠᠨ ᠤᠶᠠᠯᠳᠤᠭᠤᠯᠤᠨ | ᠪᠣᠯᠪᠠᠰᠤᠷᠠᠯ ᠳᠤ ᠣᠷᠤᠯᠴᠠᠭᠰᠠᠳ ᠲᠤ ᠡᠯᠧᠺᠲᠷᠣᠨ ᠬᠤᠳᠠᠯᠳᠤᠭ᠎ᠠ ᠪᠣᠯᠣᠨ ᠦᠢᠯᠡᠰ ᠪᠣᠰᠬᠠᠬᠤ ᠲᠤᠷᠰᠢᠯᠭ᠎ᠠ ᠶᠢ | ᠨᠠᠷᠢᠨ ᠲᠠᠶᠢᠯᠪᠤᠷᠢᠯᠠᠵᠤ᠂ ᠥᠪ ᠦᠨᠳᠦᠰᠦᠲᠡᠨ ᠤ ᠭᠠᠷ ᠤᠷᠠᠯᠠᠯ ᠤᠨ ᠪᠦᠲᠦᠭᠡᠭᠳᠡᠬᠦᠨ ᠦᠢᠯᠡᠳᠬᠦ ᠦᠵᠡᠭᠦᠯᠦᠯᠭᠡ | ᠶᠢᠨ ᠲᠢᠩᠬᠢᠮ ᠢ ᠲᠣᠭᠤᠷᠢᠨ ᠦᠵᠡᠵᠡᠭᠡᠪᠡ᠃ | ᠪᠤᠯᠪᠠᠰᠤᠷᠠᠯ ᠳᠤ᠂ ᠡᠯᠧᠺᠲᠷᠣᠨ ᠬᠤᠳᠠᠯᠳᠤᠭᠠᠨ ᠤ ᠬᠤᠶᠠᠳᠤᠭᠠᠷ ᠳᠡᠰ ᠤᠨ ᠮᠠᠰᠲ᠋ᠧᠷ᠂ ᠳᠡᠭᠡᠳᠦ ᠲᠠᠰ ᠤᠨ | ᠰᠦᠯᠵᠢᠶᠡᠨ ᠤ ᠡᠵᠡᠩᠨᠡᠭᠴᠢ᠂ ᠰᠦᠯᠵᠢᠶ᠎ᠡ ᠪᠠᠷ ᠦᠢᠯᠡᠰ ᠴᠣᠭᠴᠠᠯᠠᠬᠤ ᠯᠧᠺᠲ᠋ᠣᠷ᠂ SYB ᠪᠤᠯᠪᠠᠰᠤᠷᠠᠯ ᠤᠨ | ᠠᠬᠠᠯᠠᠭᠴᠢ ᠪᠠᠭᠰᠢ᠂ ᠤᠯᠤᠰ ᠤᠨ ᠬᠤᠶᠠᠳᠤᠭᠠᠷ ᠳᠡᠰ ᠤᠨ ᠰᠢᠨ᠎ᠡ ᠶᠢ ᠡᠭᠦᠳᠬᠦ ᠢᠨᠵᠧᠨᠧᠷ᠂ ᠥᠪᠡᠷᠲᠡᠭᠡᠨ ᠵᠠᠰᠠᠬᠤ | ᠣᠷᠣᠨ ᠤ ᠵᠠᠯᠠᠭᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ᠂ ᠥᠪᠡᠷᠲᠡᠭᠡᠨ ᠵᠠᠰᠠᠬᠤ ᠣᠷᠣᠨ ᠤ ᠵᠢᠭᠠᠨ | ᠰᠤᠷᠭᠠᠯᠲᠠ ᠶᠢᠨ ᠴᠢᠳᠠᠪᠤᠷᠢᠲᠠᠨ᠂ ᠪᠤᠭᠤᠲᠤ ᠶᠢᠨ ᠬᠥᠩᠭᠡᠨ ᠠᠵᠤ ᠦᠢᠯᠡᠳᠪᠦᠷᠢ ᠡᠯᠧᠺᠲᠷᠣᠨ ᠬᠤᠳᠠᠯᠳᠤᠭᠠᠨ ᠤ | ᠰᠢᠨᠵᠢᠯᠡᠭᠡᠨ ᠤ ᠰᠠᠯᠠᠭ᠎ᠠ ᠶᠢᠨ ᠳᠠᠭᠠᠭᠤᠯᠤᠭᠴᠢ ᠹᠧᠩ ᠰᠢᠶᠣᠣ ᠹᠠᠩ ᠪᠥᠬᠦ ᠬᠤᠰᠢᠭᠤᠨ ᠤ ᠬᠤᠲᠠ ᠳᠤ ᠣᠷᠣᠵᠤ | ᠠᠵᠢᠯ ᠦᠢᠯᠡᠰ ᠡᠷᠬᠢᠯᠡᠵᠦ ᠪᠠᠶᠢᠭ᠎ᠠ ᠮᠠᠯᠴᠢᠨ ᠲᠠᠷᠢᠶᠠᠴᠢᠨ᠂ ᠳᠡᠭᠡᠳᠦ ᠰᠤᠷᠭᠠᠭᠤᠯᠢ ᠲᠡᠭᠦᠰᠦᠭᠰᠡᠨ ᠰᠣᠷᠣᠭᠴᠢ ᠵᠡᠷᠭᠡ | 30 ᠭᠠᠷᠤᠢ ᠭᠡᠰᠢᠭᠦᠳ ᠲᠤ ᠪᠣᠯᠪᠠᠰᠤᠷᠠᠯ ᠬᠦᠷᠲᠡᠭᠡᠪᠡ᠃ ᠪᠤᠯᠪᠠᠰᠤᠷᠠᠯ ᠨᠢ ︽ᠣᠨᠣᠯ + ᠪᠣᠳᠠᠲᠤ ᠦᠢᠯᠡᠳᠦᠯᠭᠡ︾ | ᠶᠢᠨ ᠵᠠᠭᠪᠤᠷ ᠢᠶᠠᠷ ᠰᠢᠭᠤᠳ ᠨᠡᠪᠳᠡᠷᠡᠭᠦᠯᠭᠡ ᠶᠢᠨ ᠠᠳᠠᠯ ᠦᠢᠯᠡᠰ ᠴᠣᠭᠴᠠᠯᠠᠬᠤ ᠲᠥᠷᠥᠯ ᠵᠦᠢᠯ ᠢ ᠰᠣᠩᠭᠤᠬᠤ ᠪᠠ | ᠵᠠᠳᠠᠯᠬᠤ᠂ ᠰᠢᠭᠤᠳ ᠨᠡᠪᠳᠡᠷᠡᠭᠦᠯᠭᠡ ᠶᠢᠨ ᠠᠳᠠᠯ ᠦᠢᠯᠡᠰ ᠴᠣᠭᠴᠠᠯᠠᠬᠤ ᠶᠢ ᠲᠥᠯᠥᠪᠯᠡᠬᠦ᠂ ᠡᠵᠡᠩᠨᠡᠬᠦ ᠪᠠ | ᠬᠡᠷᠡᠭᠵᠢᠭᠦᠯᠬᠦ ᠵᠡᠷᠭᠡ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠲᠤᠰᠬᠠᠢ ᠰᠡᠳᠦᠪᠲᠦ ᠬᠠᠪᠰᠤᠷᠤᠨ ᠵᠢᠯᠣᠭᠤᠳᠤᠯᠭ᠎ᠠ | ᠬᠢᠵᠡᠢ᠃ | ᠲᠣᠰ ᠤᠳᠠᠭᠠᠨ ᠤ ᠪᠤᠯᠪᠠᠰᠤᠷᠠᠯ ᠢᠶᠠᠷ ᠳᠡᠮᠵᠢᠨ᠂ ᠥᠷᠭᠡᠨ ᠣᠯᠠᠨ ᠪᠣᠯᠪᠠᠰᠤᠷᠠᠯ ᠳᠤ ᠣᠷᠤᠯᠴᠠᠭᠰᠠᠳ ᠢ | ᠣᠳᠣᠬᠠᠨ ᠤ ᠰᠢᠭᠤᠳ ᠨᠡᠪᠲᠡᠷᠡᠭᠦᠯᠭᠡ ᠪᠠ ᠣᠬᠤᠷ ᠹᠢᠯᠢᠮ ᠤᠨ ᠬᠥᠭᠵᠢᠯᠲᠡ ᠶᠢᠨ ᠰᠢᠨ᠎ᠡ ᠠᠵᠠ ᠲᠣᠬᠢᠶᠠᠯ ᠢ | ᠠᠳᠬᠤᠨ᠂ ᠠᠳᠠᠯ ᠦᠢᠯᠡᠰ ᠴᠣᠭᠴᠠᠯᠠᠵᠤ ᠠᠵᠢᠯ ᠣᠯᠭᠤᠬᠤ ᠰᠢᠨ᠎ᠡ ᠠᠷᠭ᠎ᠠ ᠵᠠᠮ ᠢ ᠥᠷᠭᠡᠳᠬᠡᠬᠦ ᠶᠢ ᠨᠢ ᠬᠦᠲᠦᠯᠦᠨ | ᠵᠢᠯᠤᠭᠤᠳᠴᠦ᠂ ᠣᠯᠠᠨ ᠢ ᠬᠠᠪᠰᠤᠷᠤᠨ ᠡᠯᠧᠺᠲᠷᠣᠨ ᠬᠤᠳᠠᠯᠳᠤᠭᠠᠨ ᠤ ᠲᠠᠪᠴᠠᠩ ᠤᠨ ᠣᠨᠴᠠᠯᠢᠭ ᠪᠠ ᠳᠦᠷᠢᠮ ᠢ | ᠤᠯᠠᠮ ᠨᠢᠭᠡ ᠠᠯᠬᠤᠮ ᠣᠶᠢᠯᠠᠭᠠᠭᠤᠯᠵᠤ᠂ ᠬᠡᠷᠡᠭᠯᠡᠬᠦ ᠤᠷ᠎ᠠ ᠮᠡᠷᠭᠡᠵᠢᠯ ᠢ ᠪᠣᠯᠪᠠᠰᠤᠷᠠᠩᠭᠤᠢ ᠡᠵᠡᠮᠰᠢᠭᠦᠯᠦᠨ᠂ | ᠰᠢᠭᠤᠳ ᠨᠡᠪᠳᠡᠷᠡᠭᠦᠯᠭᠡ ᠶᠢᠨ ᠡᠯᠧᠺᠲᠷᠣᠨ ᠬᠤᠳᠠᠯᠳᠤᠭᠠᠨ ᠤ ᠠᠳᠠᠯ ᠦᠢᠯᠡᠰ ᠴᠣᠭᠴᠠᠯᠠᠬᠤ ᠪᠣᠳᠠᠲᠤ ᠴᠢᠳᠠᠪᠤᠷᠢ ᠶᠢ | ᠨᠢ ᠦᠨᠡᠨ ᠬᠦ ᠳᠡᠭᠡᠭᠰᠢᠯᠡᠭᠦᠯᠵᠦ᠂ ᠣᠷᠣᠯᠭ᠎ᠠ ᠶᠢ ᠨᠢ ᠨᠡᠮᠡᠭᠳᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠳᠤ ᠬᠦᠴᠦᠨ ᠨᠡᠮᠡᠷᠢᠯᠡᠵᠡᠢ᠃ |