ᠠᠷᠠᠳ ᠤᠨ ᠠᠮᠢᠳᠤᠷᠠᠯ ᠤᠨ ᠠᠵᠠ ᠵᠢᠷᠭᠠᠯ ᠢ ᠤᠯᠠᠮ ᠨᠢᠭᠡ ᠠᠯᠬᠤᠮ ᠠᠩᠬᠠᠷᠴᠤ᠂ ᠠᠷᠠᠳ ᠤᠨ ᠠᠮᠢᠳᠤᠷᠠᠯ | ᠤᠨ ᠪᠣᠳᠠᠲᠤ ᠬᠡᠷᠡᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠭᠦᠶᠴᠡᠳ | ᠡᠵᠡᠮᠰᠢᠬᠦ ᠶᠢᠨ ᠲᠥᠯᠥᠭᠡ᠂ 10 ᠰᠠᠷ᠎ᠠ ᠶᠢᠨ 27 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ | ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ᠂ ᠳᠡᠳ᠋ ᠲᠡᠷᠢᠭᠦᠯᠡᠭᠴᠢ ᠶᠠᠨ ᠴᠢ | ᠵᠢᠶᠦ᠋ᠨ ᠨᠠᠷ ᠬᠤᠰᠢᠭᠤᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠦᠵᠡᠵᠦ᠂ ᠰᠠᠨᠠᠯ ᠳᠤᠷᠠᠳᠤᠯᠭ᠎ᠠ ᠶᠢᠨ ᠵᠥᠪᠯᠡᠯ ᠤᠨ | ᠬᠠᠷᠢᠭᠤᠴᠠᠯᠭᠠᠲᠠᠨ᠂ ᠬᠡᠰᠡᠭ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠪᠠᠶᠢᠴᠠᠭᠠᠨ ᠦᠵᠡᠬᠦ ᠠᠵᠢᠯᠯᠠᠭ᠎ᠠ ᠳᠤ ᠣᠷᠣᠯᠴᠠᠪᠠ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠯᠢᠶᠠᠰᠤᠲᠠᠢ ᠪᠠᠯᠭᠠᠰᠤᠨ ᠤ ᠬᠤᠲᠠ ᠶᠢᠨ ᠶᠠᠪᠤᠳᠠᠯ ᠤᠨ | ᠰᠠᠭᠤᠷᠢ ᠲᠥᠬᠦᠭᠡᠷᠦᠮᠵᠢ ᠶᠢ ᠲᠠᠰ ᠳᠡᠪᠰᠢᠭᠦᠯᠦᠨ ᠥᠭᠡᠷᠡᠴᠢᠯᠡᠬᠦ ᠲᠥᠷᠥᠯ ᠵᠦᠶᠯ᠂ ᠬᠤᠰᠢᠭᠤ ᠡᠪᠡᠳᠴᠢᠨ ᠬᠢᠵᠢᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ᠂ ᠭᠤᠷᠪᠠᠳᠤᠭᠠᠷ ᠪᠠᠭ᠎ᠠ | ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ ᠲᠥᠷᠥᠯ ᠵᠦᠶᠯ ᠳᠤ ᠲᠤᠬᠠᠶ ᠶᠢᠨ ᠭᠠᠵᠠᠷ | ᠤᠨ ᠪᠠᠶᠢᠴᠠᠭᠠᠯᠲᠠ ᠬᠢᠵᠦ᠂ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠪᠠ ᠃ | ᠪᠠᠶᠢᠴᠠᠭᠠᠨ ᠦᠵᠡᠵᠦ ᠳᠠᠭᠤᠰᠤᠭᠰᠠᠨ ᠤ ᠳᠠᠷᠠᠭ᠎ᠠ᠂ ᠲᠤᠬᠠᠢ ᠶᠢᠨ ᠲᠠᠯᠠᠪᠠᠢ ᠶᠢᠨ ᠰᠠᠭᠤᠳᠠᠯ ᠤᠨ ᠬᠤᠷᠠᠯ ᠢ | ᠬᠤᠷᠠᠯᠳᠤᠭᠤᠯᠵᠤ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠣᠷᠣᠨ ᠰᠠᠭᠤᠴᠠ ᠬᠢᠭᠡᠳ ᠬᠤᠲᠠ ᠬᠥᠳᠡᠭᠡ | ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠠᠴᠠ ᠲᠥᠷᠥᠯ ᠵᠦᠶᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠬᠢᠪᠡ᠃ ᠭᠡᠰᠢᠭᠦᠳ ᠠᠴᠠ ᠠᠷᠠᠳ ᠤᠨ ᠠᠮᠢᠳᠤᠷᠠᠯ ᠤᠨ ᠲᠦᠷᠦᠯ ᠵᠦᠢᠯ ᠤᠨ ᠲᠤᠬᠠᠢ ᠥᠪᠡᠷ ᠤᠨ | ᠰᠠᠨᠠᠯ ᠰᠠᠨᠠᠭᠤᠯᠭ᠎ᠠ ᠪᠠᠨ ᠳᠡᠪᠰᠢᠭᠦᠯᠪᠡ᠃ ᠬᠤᠷᠠᠯ ᠠᠴᠠ ᠡᠯ᠎ᠡ ᠰᠠᠯᠠᠭ᠎ᠠ ᠮᠥᠴᠢᠷ ᠤᠨ ᠠᠵᠢᠯ ᠤᠨ ᠮᠡᠳᠡᠭᠦᠯᠦᠯᠲᠡ ᠶᠢ | ᠭᠦᠢᠴᠡᠳ ᠨᠣᠲᠠᠯᠠᠵᠠᠢ᠃ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠢᠯᠡᠷᠬᠡᠶᠢᠯᠡᠬᠦ ᠳᠡᠭᠡᠨ ᠦᠢᠯᠡᠳᠦᠯ ᠢᠶᠠᠨ | ᠦᠷᠭᠦᠯᠵᠢᠯᠡᠨ ᠢᠳᠡᠪᠬᠢᠲᠡᠢ ᠪᠠᠳᠠᠷᠠᠭᠤᠯᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠬᠠᠷᠠᠯᠲᠠ ᠶᠢ | ᠠᠬᠢᠭᠤᠯᠬᠤ ᠶᠢ ᠠᠩᠬᠠᠷᠤᠨ᠎ᠠ ᠭᠡᠵᠡᠢ ᠃ | ᠲᠣᠰ ᠤᠳᠠᠭᠠᠨ ᠤ ᠲᠣᠭᠤᠷᠢᠨ ᠪᠠᠶᠢᠴᠠᠭᠠᠯᠲᠠ ᠪᠠ ᠰᠠᠭᠤᠳᠠᠯ ᠤᠨ ᠬᠤᠷᠠᠯ ᠤᠨ ᠤᠷᠤᠭᠰᠢᠲᠠᠶ ᠶᠠᠪᠤᠭᠳᠠᠭᠰᠠᠨ | ᠨᠢ ᠮᠠᠨ ᠤ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠪᠠᠶᠢᠭᠤᠯᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠭ᠎ᠠ ᠣᠪᠣᠷ ᠪᠠ ᠵᠣᠷᠢᠭ ᠢ ᠢᠯᠡᠷᠡᠭᠦᠯᠪᠡ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤᠨ ᠤ ᠡᠯ᠎ᠡ ᠡᠭᠦᠷᠭᠡ ᠴᠢᠳᠠᠪᠬᠢᠳᠤ ᠰᠠᠯᠠᠭ᠎ᠠ ᠮᠥᠴᠢᠷ ᠠᠴᠠ | ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ | ᠲᠥᠷᠥᠯ ᠵᠦᠶᠯ ᠢ ᠢᠳᠡᠪᠬᠢᠲᠡᠶ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠳᠤ ᠤᠯᠤᠰ ᠲᠥᠷᠥ ᠶᠢᠨ ᠵᠥᠪᠯᠡᠯᠭᠡᠨ ᠤ ᠣᠶᠤᠨ ᠤᠬᠠᠭᠠᠨ ᠪᠠ ᠤᠯᠤᠰ ᠲᠥᠷᠥ ᠶᠢᠨ ᠵᠥᠪᠯᠡᠯᠭᠡᠨ ᠤ | ᠬᠦᠴᠦᠨ ᠴᠢᠳᠠᠯ ᠢᠶᠠᠨ ᠡᠷᠭᠦᠬᠦ ᠪᠤᠯᠤᠨ᠎ᠠ᠃ |