10 ᠰᠠᠷ᠎ᠠ ᠶᠢᠨ 20 ᠤ ᠡᠳᠦᠷ᠂ ᠵᠡᠭᠦᠨ ᠬᠠᠲᠠᠪᠴᠢ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ | ᠨᠡᠶᠢᠳᠡ 200 ᠲᠦᠮᠡᠨ ᠲᠣᠨ ᠢ ᠳᠠᠪᠠᠵᠠᠢ᠃ | ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠡᠭᠦᠨ ᠦᠵᠦᠮᠦᠴᠢᠨ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠬᠤ ᠶᠢ | ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ | ᠳᠡᠯᠭᠡᠭᠦᠷ︾ ᠳᠤ ᠴᠢᠩᠭ᠎ᠠ ᠲᠦᠰᠢᠭᠯᠡᠨ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ | ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ | ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ | ᠯᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠯᠲᠡ᠂ ᠰᠠᠭᠤᠷᠢ ᠪᠦᠲᠦᠭᠡᠨ ᠪᠠᠶᠢᠭᠤᠯᠤᠯᠲᠠ᠂ | ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ ᠤᠨ ᠶᠠᠪᠤᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ | ᠦᠷᠭᠦᠯᠵᠢᠯᠡᠨ ᠭᠦᠨᠵᠡᠭᠡᠶᠢᠷᠡᠭᠦᠯᠵᠦ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠠᠶᠢᠭᠤᠯᠬᠤ ᠶᠢ ᠴᠢᠨᠠᠷ ᠰᠠᠶᠢᠲᠠᠢ | ᠲᠦᠯᠬᠢᠨ ᠠᠬᠢᠭᠤᠯᠵᠤ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃ | ᠠᠵᠢᠯ ᠤᠨ ᠳᠤᠮᠳᠠ᠂ ᠵᠡᠭᠦᠨ ᠬᠠᠲᠠᠪᠴᠢ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠭᠤᠮᠲᠠ᠂ | ᠬᠢᠯᠢ ᠶᠢᠨ ᠪᠠᠶᠢᠴᠠᠭᠠᠯᠲᠠ ᠵᠡᠷᠭᠡ ᠨᠢᠭᠡᠴᠡ ᠲᠠᠢ ᠵᠣᠬᠢᠴᠠᠭᠤᠯᠤᠨ ᠵᠣᠯᠭᠠᠭᠤᠯᠬᠤ ᠪᠠᠨ ᠴᠢᠩᠭᠠᠳᠬᠠᠵᠤ᠂ ᠪᠠᠷᠠᠭᠠᠨ ᠤ | ᠲᠡᠭᠡᠭᠡᠪᠦᠷᠢ ᠶᠢᠨ ᠵᠠᠮ᠂ ᠣᠶᠤᠨᠲᠤ ᠪᠣᠭᠤᠮᠲᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠪᠥᠬᠦ | ᠲᠠᠯ᠎ᠠ ᠪᠠᠷ ᠳᠡᠭᠡᠭᠰᠢᠯᠡᠭᠦᠯᠦᠨ᠂ ᠬᠠᠮᠲᠤᠷᠠᠨ ᠪᠠᠶᠢᠴᠠᠭᠠᠬᠤ ᠨᠢᠭᠡᠴᠡ ᠶᠢ ᠨᠢᠭᠲᠠᠷᠠᠭᠤᠯᠤᠨ ᠠᠵᠢᠯ ᠤᠨ ᠬᠠᠮᠲᠤ ᠶᠢᠨ | ᠬᠦᠴᠦᠨ ᠢ ᠪᠦᠷᠢᠯᠳᠦᠭᠦᠯᠵᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ | ᠪᠣᠭᠤᠮᠲᠠ ᠪᠠᠷ ᠥᠩᠭᠡᠷᠡᠬᠦ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠣᠷᠴᠢᠨ ᠲᠣᠭᠤᠷᠢᠨ ᠢ ᠪᠥᠬᠦ | ᠬᠦᠴᠦᠨ ᠢᠶᠠᠷ ᠢᠶᠠᠨ ᠪᠣᠶ ᠪᠣᠯᠭᠠᠪᠠ᠃ | ᠵᠡᠭᠦᠨ ᠦᠵᠦᠮᠦᠴᠢᠨ ᠪᠣᠭᠤᠮᠲᠠ ᠶᠢᠨ ᠬᠢᠨ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠᠷ | ᠭᠠᠷᠳᠠᠴᠠ ᠪᠣᠯᠭᠠᠵᠤ᠂ ᠪᠦᠬᠦ ᠡᠯᠧᠮᠧᠨ᠋ᠲ᠂ ᠪᠦᠬᠦ ᠬᠦᠷᠢᠶ᠎ᠡ᠂ ᠪᠦᠬᠦ ᠬᠡᠯᠬᠢᠶ᠎ᠡ ᠶᠢᠨ ᠬᠢᠨᠠᠨ ᠬᠠᠮᠢᠶᠠᠷᠤᠯᠲᠠ ᠶᠢᠨ | ᠰᠢᠰᠲ᠋ᠧᠮ ᠢ ᠢᠳᠡᠪᠬᠢᠲᠡᠢ ᠪᠠᠶᠢᠭᠤᠯᠵᠤ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠲᠠᠰᠤᠷᠠᠯᠲᠠ ᠦᠭᠡᠢ | ᠰᠢᠯᠢᠳᠡᠭᠵᠢᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡ ᠶᠢ ᠬᠢᠨᠠᠨ ᠡᠵᠡᠮᠳᠡᠬᠦ᠂ ᠪᠠᠶᠢᠴᠠᠭᠠᠨ ᠰᠢᠯᠭᠠᠬᠤ ᠠᠵᠢᠯ ᠢ | ᠡᠷᠴᠢᠮᠵᠢᠭᠦᠯᠬᠦ᠂ ᠠᠦ᠋ᠲ᠋ᠣᠴᠢᠯᠠᠬᠤ᠂ ᠣᠶᠤᠨᠴᠢᠯᠠᠬᠤ ᠶᠢ ᠠᠬᠢᠭᠤᠯᠵᠤ᠂ ᠴᠠᠭᠠᠰᠤ ᠬᠡᠷᠡᠭᠯᠡᠬᠦ ᠦᠭᠡᠢ ᠪᠠᠷ ᠪᠠᠶᠢᠴᠠᠭᠠᠨ | ᠰᠢᠯᠭᠠᠬᠤ ᠪᠠ ᠣᠶᠤᠨᠴᠢᠯᠠᠭᠰᠠᠨ ᠨᠠᠷᠢᠯᠢᠭ ᠤᠨᠤᠪᠴᠢᠲᠠᠢ ᠠᠵᠢᠯᠯᠠᠬᠤ ᠶᠢ ᠦᠷᠭᠦᠯᠵᠢᠯᠡᠨ ᠬᠡᠷᠡᠭᠵᠢᠭᠦᠯᠵᠦ᠂ | ᠪᠣᠭᠤᠮᠲᠠ ᠪᠠᠷ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃ | ᠵᠡᠭᠦᠨ ᠬᠠᠲᠠᠪᠴᠢ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ | ᠨᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠤᠪᠤᠷᠠᠯ ᠪᠠ ᠪᠣᠭᠤᠮᠲᠠ ᠶᠢᠨ ᠬᠠᠮᠢᠶᠠᠷᠤᠨ ᠡᠵᠡᠮᠳᠡᠬᠦ ᠠᠷᠭ᠎ᠠ | ᠬᠡᠮᠵᠢᠶ᠎ᠡ ᠶᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠪᠠᠷᠢᠮᠲᠠ ᠶᠢ ᠰᠦᠯᠵᠢᠶᠡᠨ | ᠳᠡᠭᠡᠷ᠎ᠡ ᠮᠡᠳᠡᠭᠦᠯᠦᠨ ᠪᠠᠶᠢᠴᠠᠭᠠᠯᠭᠠᠬᠤ᠂ ᠬᠢᠯᠢ ᠪᠠᠷ ᠣᠷᠣᠵᠤ ᠭᠠᠷᠬᠤ ᠲᠥᠷᠥ ᠶᠢᠨ ᠪᠣᠳᠣᠯᠭ᠎ᠠ ᠶᠢ ᠴᠠᠭ ᠲᠤᠬᠠᠢ | ᠳᠤᠨᠢ ᠨᠡᠶᠢᠲᠡᠯᠡᠬᠦ᠂ ᠬᠢᠯᠢ ᠠᠯᠤᠰᠯᠠᠭᠰᠠᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ | ᠳᠠᠩᠰᠠᠯᠠᠭᠤᠯᠤᠭᠰᠠᠨ ᠮᠠᠲ᠋ᠧᠷᠢᠶᠠᠯ ᠢ ᠵᠠᠯᠭᠠᠮᠵᠢᠯᠠᠨ ᠬᠡᠷᠡᠭᠯᠡᠬᠦ ᠵᠡᠷᠭᠡ 10 ᠵᠦᠢᠯ ᠤᠨ ᠦᠢᠯᠡᠴᠢᠯᠡᠭᠡᠨ ᠤ ᠠᠷᠭ᠎ᠠ | ᠬᠡᠮᠵᠢᠶ᠎ᠡ ᠶᠢ ᠨᠡᠶᠢᠲᠡᠯᠡᠵᠦ᠂ ᠤᠯᠤᠰ ᠤᠨ ᠡᠭᠦᠳᠡ ᠪᠣᠭᠤᠮᠲᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ | ᠳᠣᠣᠷ᠎ᠠ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠠ᠃ | ᠣᠶᠢᠯᠠᠭᠠᠭᠰᠠᠨ ᠢᠶᠠᠷ᠂ 9 ᠰᠠᠷ᠎ᠠ ᠶᠢᠨ 30 ᠤ ᠡᠳᠦᠷ ᠪᠣᠯᠲᠠᠯ᠎ᠠ᠂ ᠡᠨᠡ ᠵᠢᠯ ᠤᠨ ᠪᠣᠭᠤᠮᠲᠠ ᠶᠢᠨ ᠬᠢᠨᠠᠨ | ᠬᠠᠮᠢᠶᠠᠷᠤᠯᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠪᠠᠷᠠᠭ᠎ᠠ 184.57 ᠲᠦᠮᠡᠨ | ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 60.72 ᠳᠠᠬᠢᠨ ᠪᠣᠯᠵᠠᠢ᠂ ᠡᠭᠦᠨ ᠳᠤ | ᠭᠠᠳᠠᠭᠠᠳᠤ ᠠᠴᠠ ᠣᠷᠣᠭᠤᠯᠤᠭᠰᠠᠨ ᠨᠢ 182.02 ᠲᠦᠮᠡᠨ ᠲᠣᠨ ᠪᠠᠶᠢᠵᠤ᠂ ᠨᠢᠳᠤᠨᠤᠨ ᠤ ᠠᠳᠠᠯᠢ | ᠬᠤᠭᠤᠴᠠᠭᠠᠨ ᠤ ᠬᠢ ᠠᠴᠠ 109.26 ᠳᠠᠬᠢᠨ ᠪᠠᠶᠢᠵᠤ᠂ ᠭᠠᠳᠠᠭᠠᠳᠤ ᠳᠤ ᠭᠠᠷᠭᠠᠭᠰᠠᠨ ᠨᠢ 2.55 ᠲᠦᠮᠡᠨ | ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.86 ᠳᠠᠬᠢᠨ ᠪᠣᠯᠵᠠᠢ᠃ | ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠨᠡᠭᠡᠭᠡᠯᠲᠡ ᠶᠢᠨ ᠬᠢᠷᠢ | ᠲᠦᠪᠰᠢᠨ ᠢᠶᠠᠨ ᠦᠷᠭᠦᠯᠵᠢᠯᠡᠨ ᠥᠷᠭᠡᠳᠬᠡᠵᠦ᠂ ᠬᠠᠮᠲᠤᠷᠠᠨ ᠪᠠᠶᠢᠴᠠᠭᠠᠬᠤ ᠨᠢᠭᠡᠴᠡ ᠶᠢᠨ ᠡᠭᠦᠷᠭᠡ ᠴᠢᠳᠠᠪᠤᠷᠢ ᠶᠢᠨ | ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠤᠨ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢᠨ ᠬᠢᠷᠢ | ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ | ᠬᠥᠭᠵᠢᠯᠲᠡ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ | | |