ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ | ᠪᠦᠲᠦᠭᠡᠨ ᠪᠠᠶᠢᠭᠤᠯᠬᠤ ᠪᠣᠯ ︽ᠲᠠᠪᠤᠨ ᠶᠡᠭᠡ ᠡᠭᠦᠷᠭᠡ︾ ᠶᠢᠨ ᠨᠢᠭᠡ ᠪᠣᠯᠣᠨ᠎ᠠ᠂ ᠮᠥᠨᠴᠦ ᠥᠪᠥᠷ ᠮᠣᠩᠭᠤᠯ ᠤᠨ | ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠶᠢᠨ ᠬᠠᠮᠲᠤ ᠥᠨᠳᠥᠷ ᠲᠦᠪᠰᠢᠨ ᠪᠦᠬᠦᠢ | ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠪᠣᠯᠣᠨ᠎ᠠ᠃ ᠵᠡᠭᠦᠨ | ᠦᠵᠦᠮᠦᠴᠢᠨ ᠬᠤᠰᠢᠭᠤᠨ ᠤ ᠬᠢᠨ ᠠᠵᠠ ᠲᠣᠬᠢᠶᠠᠯ ᠢ ᠪᠠᠲᠤ ᠡᠵᠡᠮᠳᠡᠵᠦ᠂ ᠨᠡᠭᠡᠭᠡᠨ ᠬᠥᠭᠵᠢᠭᠦᠯᠵᠦ ᠨᠡᠭᠡᠭᠡᠯᠲᠡ | ᠬᠢᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ | ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ | ᠬᠡᠷᠡᠭᠯᠡᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠠᠵᠢᠯ ᠢ ᠰᠠᠶᠢᠲᠤᠷ ᠬᠢᠪᠡ ᠃ | ᠨᠢᠭᠡ ᠳᠤ᠂ ᠲᠠᠸᠠᠷ ᠤᠨ ᠠᠷᠠᠯᠵᠢᠶᠠᠨ ᠤ ᠴᠤᠭᠯᠠᠭᠠᠨ ᠢ ᠡᠷᠬᠢᠯᠡᠵᠦ ᠠᠷᠠᠯᠵᠢᠶ᠎ᠠ ᠬᠤᠳᠠᠯᠳᠤᠭᠠᠨ ᠤ | ᠭᠦᠢᠯᠭᠡᠭᠡ ᠶᠢ ᠠᠬᠢᠭᠤᠯᠪᠡ᠃ ᠮᠠᠨ ᠤ ᠬᠤᠰᠢᠭᠤᠨ ᠤ ᠠᠮᠢ ᠠᠬᠤᠢ ᠶᠢᠨ ᠫᠠᠶᠢᠰᠠ ᠶᠢ ᠦᠷᠭᠦᠯᠵᠢᠯᠡᠨ ᠰᠠᠶᠢᠲᠤᠷ | ᠡᠷᠭᠦᠬᠦ ᠶᠢ ᠳᠠᠭᠠᠯᠳᠤᠨ᠂ ︽ᠳᠥᠷᠪᠡᠨ ᠴᠠᠭ ᠤᠨ ᠦᠵᠦᠮᠦᠴᠢᠨ︾ ᠤ ᠨᠠᠷᠠᠲᠤ ᠲᠡᠮᠳᠡᠭᠲᠦ ᠶᠢᠨ ᠠᠯᠳᠠᠷᠰᠢᠯ ᠢ | ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠰᠣᠯᠢᠯᠴᠠᠭᠠᠨ ᠤ ᠴᠤᠭᠯᠠᠭᠠᠨ | ᠵᠡᠷᠭᠡ ᠦᠵᠡᠭᠦᠯᠦᠯᠭᠡ ᠶᠢᠨ ᠦᠢᠯᠡᠴᠢᠯᠡᠭᠡᠨ ᠤ ᠬᠡᠷᠡᠭᠯᠡᠭᠡ ᠶᠢ ᠳᠠᠶᠢᠴᠢᠯᠠᠬᠤ ᠴᠢᠳᠠᠪᠤᠷᠢ ᠪᠠ ᠦᠷ᠎ᠡ ᠪᠦᠲᠦᠮᠵᠢ ᠶᠢ | ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠤᠳᠠᠭᠠᠨ ᠤ | ᠠᠷᠠᠳ ᠤᠨ ᠨᠠᠭᠠᠳᠤᠮ ᠵᠢᠴᠢ ︽ᠳᠥᠷᠪᠡᠨ ᠴᠠᠭ ᠤᠨ ᠦᠵᠦᠮᠦᠴᠢᠨ︾ ᠤ ᠰᠣᠶᠣᠯ ᠵᠢᠭᠤᠯᠴᠢᠯᠠᠯ ᠤᠨ ᠪᠠᠶᠠᠷ ᠤᠨ | ᠰᠢᠷᠢᠰ ᠠᠵᠢᠯᠯᠠᠭ᠎ᠠ ᠳᠤ ᠲᠦᠰᠢᠭᠯᠡᠨ᠂ ᠮᠠᠨ ᠤ ᠬᠤᠰᠢᠭᠤ 7 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ | 24 ᠤ ᠡᠳᠦᠷ ᠪᠣᠯᠲᠠᠯ᠎ᠠ 2023 · ᠵᠡᠭᠦᠨ ᠬᠠᠳᠠᠪᠴᠢ ᠣᠯᠠᠨ ᠤᠯᠤᠰ ᠤᠨ ᠲᠠᠸᠠᠷ ᠤᠨ ᠰᠣᠯᠢᠯᠴᠠᠭᠠᠨ ᠤ | ᠴᠤᠭᠯᠠᠭᠠᠨ ᠢ ᠡᠷᠭᠢᠯᠡᠵᠦ᠂ ᠬᠡᠷᠡᠭᠯᠡᠭᠴᠢᠳ ᠢ ᠨᠡᠶᠢᠲᠡ 3 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ | ᠬᠡᠷᠡᠭᠯᠡᠭᠡᠨ ᠤ ᠵᠣᠭᠤᠰᠤᠨ ᠲᠤᠭ᠎ᠠ 502 ᠲᠦᠮᠡᠨ ᠲᠥᠭᠦᠷᠢᠭ ᠲᠤ ᠬᠦᠷᠴᠦ᠂ ᠲᠠᠸᠠᠷ ᠤᠨ ᠰᠣᠯᠢᠯᠴᠠᠭᠠᠨ ᠤ | ᠴᠤᠭᠯᠠᠭᠠᠨ ᠨᠢ ᠤᠮᠠᠷᠠᠰᠢ ᠨᠡᠭᠡᠭᠡᠯᠲᠡ ᠬᠢᠬᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠬᠥᠭᠵᠢᠭᠦᠯᠬᠦ᠂ | ᠪᠣᠭᠤᠮᠲᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠥᠷᠭᠡᠳᠬᠡᠬᠦ᠂ ᠬᠢᠯᠢ ᠶᠢᠨ ᠵᠢᠭᠤᠯᠴᠢᠯᠠᠯ ᠢ | ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠦᠢᠯᠡᠳᠦᠯ ᠲᠠᠢ ᠪᠠᠶᠢᠵᠤ᠂ ᠮᠠᠨ ᠤ ᠬᠤᠰᠢᠭᠤᠨ ᠤ ᠠᠯᠳᠠᠷᠰᠢᠯ ᠢ ᠤᠯᠠᠮ | ᠨᠢᠭᠡ ᠠᠯᠬᠤᠮ ᠳᠡᠭᠡᠭᠰᠢᠯᠡᠭᠦᠯᠪᠡ ᠃ | ᠬᠤᠶᠠᠷ ᠲᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠣᠯᠪᠠᠰᠤᠷᠠᠭᠤᠯᠤᠯ ᠳᠤ ᠣᠷᠣᠯᠴᠠᠭᠤᠯᠤᠨ | ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠪᠡ᠃ ᠳᠡᠯᠡᠬᠡᠶᠢᠵᠢᠯᠲᠡ ᠶᠢᠨ ᠠᠬᠢᠴᠠ ᠶᠢᠨ ᠲᠠᠰᠤᠷᠠᠯᠳᠠ | ᠦᠭᠡᠢ ᠲᠦᠷᠭᠡᠳᠬᠦ ᠶᠢ ᠳᠠᠭᠠᠯᠳᠤᠨ᠂ ᠭᠠᠳᠠᠭᠠᠳᠤ ᠠᠵᠤ ᠠᠬᠤᠢ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠤᠳᠤ | ᠦᠶ᠎ᠡ ᠶᠢᠨ ᠠᠵᠤ ᠠᠬᠤᠢ ᠳᠠᠬᠢ ᠪᠠᠶᠢᠷᠢ ᠰᠠᠭᠤᠷᠢ ᠤᠯᠠᠮ ᠠᠴᠠ ᠤᠯᠠᠮ ᠴᠢᠬᠤᠯᠠ ᠪᠣᠯᠵᠤ᠂ ᠭᠠᠳᠠᠭᠠᠳᠤ ᠠᠵᠤ | ᠠᠬᠤᠢ ᠠᠷᠠᠯᠵᠢᠶᠠᠨ ᠤ ᠠᠵᠢᠯᠯᠠᠭᠴᠢᠳ ᠥᠪᠡᠷ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠳᠠ | ᠦᠭᠡᠢ ᠳᠡᠭᠡᠭᠰᠢᠯᠡᠭᠦᠯᠵᠦ᠂ ᠳᠡᠯᠡᠬᠡᠢ ᠶᠢᠨ ᠣᠷᠴᠢᠨ ᠨᠥᠬᠦᠴᠡᠯ ᠤᠨ ᠥᠷᠢᠰᠦᠯᠳᠦᠭᠡᠨ ᠢ ᠠᠷᠭᠠᠴᠠᠬᠤ ᠶᠢᠨ ᠬᠠᠮᠲᠤ | ᠠᠵᠠ ᠲᠣᠬᠢᠶᠠᠯ ᠢ ᠠᠳᠬᠤᠬᠤ ᠴᠢᠬᠤᠯᠠᠲᠠᠢ ᠪᠠᠶᠢᠨ᠎ᠠ᠃ ᠮᠠᠨ ᠤ ᠬᠤᠰᠢᠭᠤ ᠨᠡᠶᠢᠲᠡ 20 ᠭᠠᠷᠤᠢ ᠭᠠᠳᠠᠭᠠᠳᠤ ᠠᠵᠤ | ᠠᠬᠤᠢ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽2023 ᠣᠨ ᠤ ᠪᠥᠬᠦ ᠣᠷᠣᠨ ᠤ ᠭᠠᠳᠠᠭᠠᠳᠤ | ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ︾ ︽2023 ᠣᠨ ᠤ ᠭᠠᠳᠠᠭᠠᠳᠤ | ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ︾ ︽ᠪᠥᠬᠦ ᠠᠶᠢᠮᠠᠭ ᠤᠨ ᠭᠠᠳᠠᠭᠠᠳᠤ | ᠪᠡᠯᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ︾ ᠵᠡᠷᠭᠡ ᠳᠤ ᠣᠷᠣᠯᠴᠠᠭᠤᠯᠪᠠ᠃ ᠪᠣᠯᠪᠠᠰᠤᠷᠠᠭᠤᠯᠤᠯ ᠤᠨ | ᠬᠤᠷᠠᠯ ᠨᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ | ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠵᠦ᠂ ᠲᠥᠷᠥ ᠶᠢᠨ | ᠪᠣᠳᠣᠯᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠭᠡᠳᠬᠡᠬᠦ | ᠲᠠᠯ᠎ᠠ ᠪᠠᠷ ᠬᠢ ᠬᠥᠲᠥᠯᠥᠨ ᠵᠢᠯᠤᠭᠤᠳᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ | ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ | ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃ | ᠭᠤᠷᠪᠠ ᠳᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠷᠠᠯ ᠦᠵᠡᠰᠬᠦᠯᠡᠩ ᠳᠤ ᠣᠷᠣᠯᠴᠠᠭᠤᠯᠤᠨ | ᠬᠠᠮᠲᠤᠷᠠᠯᠴᠠᠭ᠎ᠠ ᠰᠣᠯᠢᠯᠴᠠᠭᠠᠨ ᠤ ᠲᠦᠪᠰᠢᠨ ᠢ ᠳᠡᠭᠡᠭᠰᠢᠯᠡᠭᠦᠯᠪᠡ᠃ ᠪᠦᠬᠦ ᠪᠥᠮᠪᠥᠷᠴᠡᠭ ᠤᠨ ᠠᠵᠤ ᠠᠬᠤᠢ ᠶᠢᠨ | ᠲᠦᠷᠭᠡᠨ ᠬᠥᠭᠵᠢᠯᠲᠡ ᠪᠠ ᠮᠡᠳᠡᠭᠡ ᠵᠠᠩᠭᠢ ᠶᠢᠨ ᠮᠡᠷᠭᠡᠵᠢᠯ ᠤᠨ ᠲᠠᠰᠤᠷᠠᠯᠲᠠ ᠦᠭᠡᠢ ᠬᠡᠷᠡᠭᠯᠡᠭᠳᠡᠬᠦ ᠶᠢ ᠳᠠᠭᠠᠯᠳᠤᠨ᠂ | ᠬᠤᠷᠠᠯ ᠦᠵᠡᠰᠬᠦᠯᠡᠩ ᠤᠨ ᠠᠵᠢᠯᠯᠠᠭ᠎ᠠ ᠨᠢ ᠡᠳᠦᠷ ᠢᠷᠡᠬᠦᠶ᠎ᠡ ᠠᠵᠤ ᠠᠬᠤᠶᠢᠯᠠᠯ ᠤᠨ ᠬᠤᠭᠤᠷᠣᠨᠳᠣᠬᠢ ᠰᠣᠯᠢᠯᠴᠠᠭ᠎ᠠ | ᠪᠠ ᠬᠠᠮᠲᠤᠷᠠᠯᠴᠠᠭᠠᠨ ᠤ ᠲᠠᠪᠴᠠᠩ ᠪᠣᠯᠵᠤ᠂ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠦᠯᠬᠢᠴᠡ ᠬᠦᠴᠦᠨ | ᠪᠣᠯᠤᠭᠰᠠᠨ ᠪᠠᠶᠢᠨ᠎ᠠ᠃ ᠮᠠᠨ ᠤ ᠬᠤᠰᠢᠭᠤ ᠵᠠᠰᠠᠭ ᠠᠵᠤ ᠠᠬᠤᠶᠢᠯᠠᠯ ᠤᠨ ᠠᠵᠢᠯᠲᠠᠳ ᠢ ᠢᠳᠡᠪᠬᠢᠲᠡᠢ ᠵᠣᠬᠢᠶᠠᠨ | ᠪᠠᠶᠢᠭᠤᠯᠵᠤ ︽2023 ᠬᠤᠭᠤᠴᠠᠭᠠᠨ ᠤ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠵᠢᠴᠢ ᠳᠤᠮᠳᠠᠳᠤ ᠮᠣᠩᠭᠤᠯ ᠤᠨ ᠲᠠᠸᠠᠷ ᠤᠨ ᠳᠡᠯᠭᠡᠨ ᠪᠣᠷᠣᠯᠠᠭᠤᠯᠤᠯᠲᠠ ᠶᠢᠨ | ᠴᠤᠭᠯᠠᠭᠠᠨ︾ ︽2023 ᠳᠤᠮᠳᠠᠳᠤ ᠤᠯᠤᠰ ︵ᠡᠷᠢᠶᠡᠨ ᠬᠤᠲᠠ︶ ᠤᠨ ᠣᠯᠠᠨ ᠤᠯᠤᠰ ᠤᠨ ᠠᠵᠤ ᠠᠬᠤᠢ | ᠠᠷᠠᠯᠵᠢᠶᠠᠨ ᠤ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ ᠵᠢᠴᠢ ᠦᠵᠡᠰᠬᠦᠯᠡᠩ︾ ︽ᠳᠥᠷᠪᠡᠳᠦᠭᠡᠷ | ᠬᠤᠭᠤᠴᠠᠭᠠᠨ ᠤ ᠳᠤᠮᠳᠠᠳᠤ ᠤᠯᠤᠰ ︱ ᠮᠣᠩᠭᠤᠯ ᠤᠯᠤᠰ ᠤᠨ ᠦᠵᠡᠰᠬᠦᠯᠡᠩ︾ ᠵᠡᠷᠭᠡ ᠳᠤ ᠣᠷᠣᠯᠴᠠᠪᠠ᠃ | ᠳᠡᠯᠭᠡᠨ ᠦᠵᠡᠭᠦᠯᠵᠦ ᠪᠣᠷᠣᠯᠠᠭᠤᠯᠬᠤ ᠴᠤᠭᠯᠠᠭᠠᠨ ᠢᠶᠠᠷ ᠳᠠᠮᠵᠢᠭᠤᠯᠤᠨ ᠮᠠᠨ ᠤ ᠬᠤᠰᠢᠭᠤᠨ ᠤ ᠭᠤᠣᠯᠳᠠᠯᠭ᠎ᠠ ᠲᠠᠢ | ᠠᠵᠤ ᠠᠬᠤᠶᠢᠯᠠᠯ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠠᠯᠳᠠᠷᠰᠢᠯ ᠢ ᠤᠯᠠᠮ ᠨᠢᠭᠡ ᠠᠯᠬᠤᠮ | ᠨᠡᠮᠡᠭᠳᠡᠭᠦᠯᠵᠦ᠂ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠬᠦ᠂ ᠪᠦᠲᠦᠭᠡᠭᠳᠡᠬᠦᠨ ᠤ | ᠪᠣᠷᠤᠯᠠᠭᠤᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠮᠠᠰᠢ ᠰᠠᠶᠢᠨ ᠦᠵᠡᠭᠦᠯᠦᠯᠭᠡ ᠶᠢᠨ ᠲᠠᠪᠴᠠᠩ ᠬᠠᠩᠭᠠᠭᠰᠠᠨ | ᠪᠠᠶᠢᠨ᠎ᠠ᠃ | ᠳᠥᠷᠪᠡ ᠳᠤ᠂ ᠬᠦᠴᠦᠨ ᠢᠶᠠᠨ ᠲᠥᠪᠯᠡᠷᠡᠭᠦᠯᠦᠨ ᠡᠯᠧᠺᠲᠷᠣᠨ ᠬᠤᠳᠠᠯᠳᠤᠭ᠎ᠠ ᠶᠢ ᠰᠢᠭᠤᠳ ᠨᠠᠪᠲᠠᠷᠡᠭᠦᠯᠵᠦ᠂ | ᠰᠦᠯᠵᠢᠶᠡᠨ ᠤ ᠨᠡᠪᠲᠡᠷᠡᠭᠦᠯᠭᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠪᠡ᠃ ᠰᠢᠭᠤᠳ ᠨᠡᠪᠲᠡᠷᠡᠭᠦᠯᠬᠦ | ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠬᠥᠭᠵᠢᠯᠲᠡ ᠶᠢ ᠳᠠᠭᠠᠯᠳᠤᠨ᠂ | ᠢᠨᠲ᠋ᠧᠷ ᠰᠦᠯᠵᠢᠶᠡᠨ ᠤ ᠡᠨᠧᠷᠭᠢ ᠣᠯᠭᠤᠬᠤ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠨᠢ ᠡᠳᠦᠷ ᠢᠷᠡᠬᠦᠶ᠎ᠡ | ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠪᠣᠯᠵᠤ ᠪᠠᠶᠢᠨ᠎ᠠ᠃ 2023 ᠣᠨ ᠤ ᠲᠢᠺ ᠲᠤᠺ ᠤᠨ ᠴᠠᠭᠠᠨ | ᠰᠠᠷ᠎ᠠ ᠶᠢᠨ ᠪᠠᠷᠠᠭᠠᠨ ᠤ ᠪᠠᠶᠠᠷ ᠲᠤ ᠦᠵᠦᠮᠦᠴᠢᠨ ᠬᠤᠨᠢ ᠶᠢ ᠳᠡᠯᠭᠡᠷᠡᠭᠦᠯᠬᠦ ᠤᠬᠠᠭᠤᠯᠭ᠎ᠠ ᠶᠢᠨ ᠠᠵᠢᠯᠯᠠᠭ᠎ᠠ ᠲᠠᠢ | ᠤᠶᠠᠯᠳᠤᠭᠤᠯᠤᠨ᠂ ᠦᠵᠦᠮᠦᠴᠢᠨ ᠬᠤᠨᠢᠨ ᠤ ᠮᠢᠬ᠎ᠠ ᠵᠢᠴᠢ ᠬᠠᠮᠢᠶ᠎ᠠ ᠪᠦᠬᠦᠢ ᠪᠦᠲᠦᠭᠡᠭᠳᠡᠬᠦᠨ ᠢ ᠰᠢᠭᠤᠳ | ᠨᠡᠪᠲᠡᠷᠡᠭᠦᠯᠭᠡ ᠪᠠᠷ 400 ᠲᠦᠮᠡᠨ ᠲᠥᠭᠦᠷᠢᠭ ᠬᠤᠳᠠᠯᠳᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ | ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠨᠡᠮᠡᠭᠳᠡᠯ ᠤᠨ ᠨᠣᠷᠮ᠎ᠠ 200% ᠶᠢ ᠳᠠᠪᠠᠵᠠᠢ᠃ ᠡᠭᠦᠨ ᠤ ᠬᠠᠮᠲᠤ | ᠮᠠᠨ ᠤ ᠬᠤᠰᠢᠭᠤᠨ ᠤ ᠰᠦᠯᠵᠢᠶᠡᠨ ᠤ ᠨᠠᠪᠲᠡᠷᠡᠭᠦᠯᠦᠭᠴᠢ ᠪᠠᠲᠤ ᠠᠨᠳᠠ ︽ᠲᠥᠪ ᠤᠨ young ᠤᠨ ᠵᠤᠨ︾ ᠤ | ᠲᠠᠯ᠎ᠠ ᠨᠤᠲᠤᠭ ᠤᠨ ᠳᠠᠭᠤᠤ ᠶᠢᠨ ᠴᠤᠭᠯᠠᠭᠠᠨ᠂ ︽ᠲᠥᠪ ᠲᠧᠯᠸᠢᠰ ᠤᠨ CCTV — 3 ᠵᠤᠨ ᠤ ᠤᠳᠤᠨ | ᠬᠡᠷᠡᠯᠳᠦ ᠰᠥᠨᠢ︾ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠠᠵᠢᠯᠯᠠᠭ᠎ᠠ ᠳᠤ ᠣᠷᠣᠯᠴᠠᠵᠤ᠂ ᠬᠤᠶᠠᠷ ᠤᠳᠠᠭᠠᠨ ᠤ | ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ 5 ᠴᠠᠭ ᠶᠠᠪᠤᠭᠳᠠᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ ᠨᠡᠶᠢᠲᠡ 24. | 1 ᠲᠦᠮᠡᠨ ᠲᠥᠭᠦᠷᠢᠭ ᠲᠤ ᠬᠦᠷᠪᠡ᠃ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠬᠢᠯᠢ ᠶᠢᠨ ᠪᠣᠭᠤᠮᠲᠠ ᠶᠢᠨ | ᠳᠠᠪᠠᠭᠤᠯᠢᠭ ᠲᠠᠭᠠᠨ ᠲᠦᠰᠢᠭᠯᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ | ᠬᠥᠭᠵᠢᠯᠲᠡ ᠶᠢᠨ ᠠᠰᠢᠭᠲᠠᠢ ᠲᠣᠬᠢᠶᠠᠯ ᠢ ᠪᠠᠲᠤ ᠡᠵᠡᠮᠳᠡᠵᠦ᠂ ᠬᠢᠯᠢ ᠠᠯᠤᠰᠯᠠᠭᠰᠠᠨ ᠰᠢᠭᠤᠳ ᠨᠡᠪᠲᠡᠷᠡᠭᠦᠯᠭᠡ ᠶᠢᠨ | ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ | ᠴᠢᠬᠤᠯᠠ ᠬᠥᠭᠦᠷᠭᠡᠨ ᠪᠠᠬᠢᠯᠡᠯᠲᠡ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠰ ᠲᠤ ᠰᠢᠨ᠎ᠡ | ᠬᠦᠴᠦᠨ ᠨᠡᠮᠡᠷᠢᠯᠡᠨ᠎ᠡ᠃ |