10 ᠰᠠᠷ᠎ᠠ ᠶᠢᠨ 30 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠠᠷᠪᠠᠨ | ᠵᠢᠷᠭᠤᠳᠤᠭᠠᠷ ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠠᠷᠪᠠᠳᠤᠭᠠᠷ ᠤᠳᠠᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠷᠪᠠᠨ ᠵᠢᠷᠭᠤᠳᠤᠭᠠᠷ | ᠬᠤᠭᠤᠴᠠᠭᠠᠨ ᠤ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ | ᠳᠡᠳ᠋ ᠡᠷᠬᠢᠯᠡᠭᠴᠢ ᠨᠦᠭᠦᠳ ᠪᠣᠯᠣᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠬᠤᠷᠠᠯ ᠳᠤ ᠣᠷᠣᠯᠴᠠᠵᠠᠢ᠃ | ᠬᠤᠷᠠᠯ ᠠᠴᠠ ᠴᠠᠬᠢᠯᠭᠠᠨ ᠬᠤᠯᠪᠣᠭ᠎ᠠ ᠰᠦᠯᠵᠢᠶᠡᠨ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ | ᠠᠵᠢᠯᠯᠠᠭ᠎ᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠢ ᠠᠵᠢᠯ ᠤᠨ ᠲᠤᠬᠠᠢ ᠬᠤᠰᠢᠭᠤ ᠠᠷᠠᠳ ᠤᠨ | ᠵᠠᠰᠠᠭ ᠤᠨ ᠣᠷᠳᠣᠨ ᠤ ᠮᠡᠳᠡᠭᠦᠯᠦᠯᠲᠡ᠂ ᠬᠤᠰᠢᠭᠤ ᠠᠷᠠᠳ ᠤᠨ ᠰᠢᠭᠦᠬᠦ ᠬᠤᠷᠢᠶ᠎ᠠ ᠶᠢᠨ ᠣᠯᠠᠨ ᠡᠰᠢᠲᠦ | ᠵᠢᠭᠤᠷᠠᠭᠠᠨ ᠢ ᠲᠠᠶᠢᠯᠬᠤ ᠵᠠᠷᠭᠤ ᠶᠢᠨ ᠢᠷᠡᠯᠲᠡ ᠶᠢ ᠵᠠᠰᠠᠬᠤ ᠲᠤᠰᠬᠠᠢ ᠠᠵᠢᠯ ᠤᠨ ᠲᠤᠬᠠᠢ ᠮᠡᠳᠡᠭᠦᠯᠦᠯᠲᠡ᠂ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠤᠮᠤ ᠪᠠᠯᠭᠠᠰᠤᠨ ᠤ | ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢᠨ ᠪᠠᠶᠢᠳᠠᠯ ᠤᠨ ᠲᠤᠬᠠᠢ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠤᠯᠢ | ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢᠨ ᠮᠡᠳᠡᠭᠦᠯᠦᠯᠲᠡ ᠵᠢᠴᠢ ︽ᠵᠡᠮᠳᠡᠭᠴᠦᠳ ᠢ ᠬᠠᠮᠠᠭᠠᠯᠠᠬᠤ ᠬᠠᠤᠯᠢ —ᠨᠢᠭᠡ | ᠬᠠᠤᠯᠢ ᠨᠢᠭᠡ ᠠᠷᠭ᠎ᠠ︾ ᠶᠢᠨ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠵᠡᠷᠭᠡ ᠶᠢ | ᠰᠤᠨᠤᠰᠤᠨ ᠬᠢᠨᠠᠨ ᠵᠥᠪᠯᠡᠵᠡᠢ᠃ | ᠬᠤᠷᠠᠯ ᠳᠡᠭᠡᠷ᠎ᠡ ︽ᠵᠡᠭᠦᠨᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠢᠨᠠᠨ ᠵᠥᠪᠯᠡᠬᠦ ᠭᠤᠣᠯᠳᠠᠯᠭ᠎ᠠ ᠲᠠᠢ ᠶᠠᠷᠢᠶ᠎ᠠ ᠲᠠᠯᠪᠢᠬᠤ ᠳᠦᠷᠢᠮ︾ | ᠶᠣᠰᠣᠭᠠᠷ ᠪᠠᠶᠢᠩᠭᠤ ᠶᠢᠨ ᠬᠤᠷᠢᠶᠠᠨ ᠤ 10 ᠭᠡᠰᠢᠭᠦᠨ ᠬᠢᠨᠠᠨ ᠵᠥᠪᠯᠡᠬᠦ ᠰᠡᠳᠦᠪ ᠤᠨ ᠲᠣᠭᠤᠷᠢᠨ ᠳᠤ ᠶᠠᠷᠢᠶ᠎ᠠ | ᠲᠠᠯᠪᠢᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠶᠢ ᠭᠦᠨᠵᠡᠭᠡᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ᠂ ᠨᠢᠭᠲᠠ ᠬᠠᠮᠵᠢᠯᠴᠠᠵᠤ᠂ | ᠬᠤᠯᠪᠣᠯᠳᠤᠨ ᠨᠡᠪᠲᠡᠷᠡᠯᠴᠡᠬᠦ ᠲᠣᠭᠲᠠᠴᠠ ᠶᠢ ᠪᠠᠶᠢᠭᠤᠯᠤᠨ᠂ ᠴᠣᠬᠢᠯᠲᠠ ᠥᠭᠬᠦ ᠬᠠᠮᠲᠤ ᠶᠢᠨ ᠬᠦᠴᠦᠨ ᠢ ᠦᠨᠡᠨ ᠬᠦ | ᠪᠤᠢ ᠪᠣᠯᠭᠠᠬᠤ ᠬᠡᠷᠡᠭᠲᠡᠢ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢᠨ ᠤᠬᠠᠭᠤᠯᠭ᠎ᠠ | ᠬᠥᠮᠦᠵᠢᠯ ᠤᠨ ᠠᠵᠢᠯᠯᠠᠭ᠎ᠠ ᠶᠢ ᠤᠯᠠᠮ ᠨᠢᠭᠡ ᠠᠯᠬᠤᠮ ᠰᠠᠶᠢᠲᠤᠷ ᠬᠢᠵᠦ᠂ ᠦᠨᠡᠨᠴᠢ ᠢᠲᠡᠭᠡᠮᠵᠢᠲᠡᠢ ᠪᠠᠶᠢᠬᠤ᠂ | ᠠᠵᠢᠯᠴᠢ ᠬᠥᠳᠡᠯᠮᠦᠷᠢᠴᠢ ᠪᠠᠷ ᠪᠠᠶᠠᠵᠢᠬᠤ ᠰᠠᠶᠢᠨ ᠰᠠᠶᠢᠬᠠᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃ | ᠦᠨᠳᠦᠰᠦᠨ ᠱᠠᠲᠤᠨ ᠤ ᠵᠠᠰᠠᠯᠲᠠ ᠶᠢᠨ ᠰᠠᠶᠢᠨ ᠲᠤᠷᠰᠢᠯᠭ᠎ᠠ ᠰᠠᠶᠢᠨ ᠠᠷᠭ᠎ᠠ ᠬᠢᠳᠡᠯ ᠢ ᠳ᠋ᠦᠩᠨᠡᠨ ᠳᠡᠯᠭᠡᠷᠡᠭᠦᠯᠵᠦ᠂ | ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ | ᠰᠡᠷᠭᠡᠶᠢᠯᠡᠬᠦ ᠮᠡᠳᠡᠯᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠮᠠᠯᠵᠢᠬᠤ ᠣᠷᠣᠨ ᠳᠤ ᠣᠷᠣᠭᠤᠯᠬᠤ᠂ ᠭᠡᠷ | ᠪᠦᠯᠢ ᠳᠤ ᠣᠷᠣᠭᠤᠯᠬᠤ᠂ ᠰᠤᠷᠭᠠᠭᠤᠯᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠠᠵᠢᠯᠯᠠᠭ᠎ᠠ ᠶᠢ | ᠢᠳᠡᠪᠬᠢᠲᠡᠢ ᠥᠷᠨᠢᠭᠦᠯᠵᠦ᠂ ᠤᠬᠠᠭᠤᠯᠭ᠎ᠠ ᠶᠢ ᠪᠦᠷᠢᠨ ᠪᠦᠷᠬᠦᠭᠦᠯᠬᠦ ᠶᠢ ᠪᠡᠶᠡᠯᠡᠭᠦᠯᠬᠦ ᠬᠡᠷᠡᠭᠲᠡᠢ᠃ ᠠᠵᠢᠯᠲᠠᠨ ᠪᠠ | ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠵᠤ᠂ ᠲᠤᠰᠬᠠᠢ ᠮᠡᠷᠭᠡᠵᠢᠯ ᠤᠨ ᠴᠢᠳᠠᠪᠤᠷᠢᠲᠠᠨ ᠪᠠ ᠴᠠᠭᠳᠠᠭᠠᠨ ᠤ | ᠬᠦᠴᠦᠨ ᠤ ᠡᠩᠨᠡᠭᠡ ᠶᠢᠨ ᠪᠠᠶᠢᠭᠤᠯᠤᠯᠲᠠ ᠶᠢ ᠲᠣᠪᠤᠶᠢᠯᠭᠠᠨ᠂ ᠮᠡᠷᠭᠡᠵᠢᠯ ᠤᠨ ᠠᠷᠭ᠎ᠠ ᠪᠠᠷᠢᠯ ᠢ ᠳᠡᠭᠡᠭᠰᠢᠯᠡᠭᠦᠯᠵᠦ᠂ | ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠨ ᠵᠥᠭᠡᠯᠡᠨ ᠲᠣᠨᠤᠭ ᠬᠠᠲᠠᠭᠤ ᠲᠣᠨᠤᠭ ᠲᠥᠬᠦᠭᠡᠷᠦᠮᠵᠢ ᠶᠢ | ᠭᠦᠢᠴᠡᠳ ᠲᠣᠬᠢᠷᠠᠭᠤᠯᠤᠨ᠂ ᠮᠡᠷᠭᠡᠵᠢᠯ ᠤᠨ ᠭᠡᠳᠡᠷᠭᠦ ᠦᠢᠯᠡᠳᠬᠦ ᠬᠢᠷᠢ ᠲᠦᠪᠰᠢᠨ ᠢ ᠳᠡᠭᠡᠭᠰᠢᠯᠡᠭᠦᠯᠵᠦ᠂ ᠬᠡᠷᠡᠭ ᠢ | ᠪᠠᠶᠢᠴᠠᠭᠠᠨ ᠰᠢᠢᠳᠪᠦᠷᠢᠯᠡᠬᠦ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃ | ᠬᠤᠷᠠᠯ ᠠᠴᠠ ᠪᠠᠰᠠ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠤ ᠵᠠᠷᠢᠮ ᠭᠡᠰᠢᠭᠦᠨ ᠤ ᠳᠡᠪᠰᠢᠭᠦᠯᠦᠭᠰᠡᠨ ᠡᠷᠭᠦᠳᠡᠯ ᠢ ᠬᠢᠨᠠᠨ ᠵᠥᠪᠯᠡᠪᠡ᠃ | ᠬᠤᠰᠢᠭᠤ ᠠᠷᠠᠳ ᠤᠨ ᠵᠠᠰᠠᠭ ᠤᠨ ᠣᠷᠳᠣᠨ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ | ᠰᠢᠭᠦᠬᠦ ᠬᠤᠷᠢᠶ᠎ᠠ᠂ ᠣᠷᠣᠨ ᠲᠣᠭᠠᠨ ᠤ ᠠᠯᠪᠠᠨ ᠭᠡᠷ᠂ ᠬᠠᠤᠯᠢ ᠴᠠᠭᠠᠵᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ | ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ ᠪᠣᠯᠣᠨ ᠵᠡᠮᠳᠡᠭᠴᠦᠳ ᠤᠨ ᠬᠤᠯᠪᠣᠭ᠎ᠠ ᠶᠢᠨ | ᠬᠠᠮᠢᠶ᠎ᠠ ᠪᠦᠬᠦᠢ ᠬᠠᠷᠢᠭᠤᠴᠠᠯᠭᠠᠲᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠠᠷᠠᠳ | ᠢᠷᠭᠡᠳ ᠬᠠᠷᠢᠶᠠᠲᠤ ᠨᠠᠷ ᠤᠨ ᠠᠵᠢᠯ ᠤᠨ ᠵᠥᠪᠯᠡᠯ᠂ ᠳᠣᠲᠣᠭᠠᠳᠤ ᠶᠠᠪᠤᠳᠠᠯ ᠬᠠᠤᠯᠢ ᠴᠠᠭᠠᠵᠠ ᠶᠢᠨ ᠠᠵᠢᠯ ᠤᠨ | ᠵᠥᠪᠯᠡᠯ᠂ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠶᠢᠨ | ᠠᠵᠢᠯ ᠤᠨ ᠵᠥᠪᠯᠡᠯ ᠤᠨ ᠬᠠᠷᠢᠭᠤᠴᠠᠯᠭᠠᠲᠠᠨ᠂ ᠳᠠᠭᠤᠲᠤᠨᠠᠭᠤᠷ ᠪᠠᠯᠭᠠᠰᠤ ᠪᠠ ᠭᠠᠬᠢᠯ ᠰᠤᠮᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠢᠨ ᠵᠢᠱᠢᠭᠳᠡᠭᠴᠢ ᠤᠷᠢᠯᠭ᠎ᠠ ᠪᠠᠷ ᠬᠤᠷᠠᠯ ᠳᠤ ᠰᠤᠯᠠ | ᠣᠷᠣᠯᠴᠠᠪᠠ᠃ |