ᠮᠠᠨ ᠤ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠬᠤ ᠠᠵᠢᠯ ᠢ ᠳᠦᠯᠬᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/13
      10 ᠰᠠᠷ᠎ᠠ ᠶᠢᠨ 31 ᠤ ᠡᠳᠦᠷ᠂ ᠮᠠᠨ ᠤ ᠬᠤᠰᠢᠭᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠬᠤ ᠠᠵᠢᠯ ᠢ ᠳᠦᠯᠬᠢᠨ ᠠᠬᠢᠭᠤᠯᠬᠤ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ᠂ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠤᠳᠤᠷᠢᠳᠬᠤ ᠪᠠᠭ ᠤᠨ ᠪᠦᠷᠢᠯᠳᠦᠭᠦᠨ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ᠂ ᠬᠤᠰᠢᠭᠤ ᠰᠢᠭᠤᠳ ᠬᠠᠷᠢᠶ᠎ᠠ᠂ ᠬᠤᠰᠢᠭᠤᠨ ᠳᠤ ᠰᠠᠭᠤᠭ᠎ᠠ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠤᠪᠢᠳᠠᠨ ᠬᠠᠮᠢᠶᠠᠷᠬᠤ ᠬᠠᠷᠢᠭᠤᠴᠠᠯᠭᠠᠳᠠᠨ ᠪᠣᠯᠣᠨ ᠠᠵᠢᠯᠲᠠᠨ ᠵᠢᠴᠢ ᠬᠤᠰᠢᠭᠤᠨ ᠤ ᠡᠭᠦᠳᠦᠨ ᠪᠠᠶᠢᠭᠤᠯᠬᠤ ᠠᠯᠪᠠᠨ ᠭᠡᠷ ᠤᠨ ᠪᠥᠬᠦ ᠠᠵᠢᠯᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ ︽ᠵᠡᠭᠦᠨ ᠦᠵᠦᠮᠦᠴᠢᠨ ᠬᠤᠰᠢᠭᠤᠨ ᠤ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠬᠤᠯᠪᠣᠭᠳᠠᠯ ᠪᠦᠬᠦᠢ ᠠᠵᠢᠯ ᠢ ᠨᠠᠶᠢᠳᠠᠪᠤᠷᠢᠵᠢᠭᠤᠯᠬᠤ ᠲᠤᠬᠠᠢ ᠮᠡᠳᠡᠭᠳᠡᠯ︾᠂ ︽ᠤᠯᠤᠰ ᠤᠨ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ᠤᠨ ᠠᠯᠪᠠᠨ ᠲᠢᠩᠬᠢᠮ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠪᠦᠲᠦᠭᠡᠨ ᠪᠠᠶᠢᠭᠤᠯᠬᠤ ᠭᠤᠣᠯᠳᠠᠯᠭ᠎ᠠ ᠲᠠᠢ ᠡᠭᠦᠷᠭᠡ ᠶᠢ ᠵᠠᠳᠠᠯᠬᠤ ᠡᠬᠡ ᠲᠠᠩᠰᠠ︾ ᠶᠢ ᠤᠯᠠᠮᠵᠢᠯᠠᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠬᠦ ᠪᠣᠯ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠶᠢᠨ ᠴᠢᠬᠤᠯᠠ ᠭᠠᠷᠳᠠᠴᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠣᠯᠣᠨ ᠠᠶᠢᠮᠠᠭ ᠤᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠨ ᠪᠠᠲᠤ ᠡᠵᠡᠮᠰᠢᠵᠦ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠲᠡᠢ ᠪᠥᠭᠡᠳ ᠡᠮᠬᠢ ᠵᠢᠷᠤᠮ ᠲᠠᠢ ᠠᠬᠢᠭᠤᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠡᠭᠦᠳᠦᠨ ᠪᠠᠶᠢᠭᠤᠯᠬᠤ ᠠᠵᠢᠯ ᠤᠨ ᠬᠠᠷᠠᠯᠲᠠ ᠪᠠ ᠱᠠᠭᠠᠷᠳᠠᠯᠭ᠎ᠠ ᠲᠠᠢ ᠨᠠᠷᠢᠨ ᠬᠢᠨᠠᠮᠠᠭᠠᠢ ᠬᠠᠷᠢᠴᠠᠭᠤᠯᠵᠤ᠂ ᠵᠦᠢᠯ ᠵᠤᠷᠪᠤᠰᠯᠡᠨ ᠳᠤᠲᠠᠭᠤ ᠶᠢ ᠨᠢ ᠪᠠᠶᠢᠴᠠᠭᠠᠨ ᠨᠥᠬᠦᠪᠦᠷᠢᠯᠡᠵᠦ᠂ ᠠᠰᠠᠭᠤᠳᠠᠯ ᠢ ᠲᠣᠳᠣᠷᠬᠠᠢ ᠡᠷᠢᠨ ᠤᠯᠢᠵᠤ᠂ ᠵᠥᠷᠢᠶ᠎ᠡ ᠶᠢ ᠨᠢ ᠡᠷᠢᠵᠦ ᠳᠤᠲᠠᠭᠤᠳᠠᠯ ᠢ ᠨᠢ ᠨᠥᠬᠦᠪᠦᠷᠢᠯᠡᠨ᠂ ᠪᠠᠭᠤᠷᠠᠢ ᠲᠠᠯ᠎ᠠ ᠶᠢ ᠨᠢ ᠬᠦᠴᠤᠷᠬᠡᠭ ᠪᠣᠯᠭᠠᠵᠤ᠂ ᠡᠭᠦᠳᠦᠨ ᠪᠠᠶᠢᠭᠤᠯᠬᠤ ᠠᠵᠢᠯ ᠤᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ ᠪᠦᠲᠦᠮᠵᠢᠲᠡᠶ ᠠᠵᠢᠯ ᠤᠨ ᠬᠠᠮᠲᠤ ᠶᠢᠨ ᠬᠦᠴᠦᠨ ᠢ ᠪᠦᠷᠢᠯᠳᠦᠭᠦᠯᠵᠦ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠠᠷᠭ᠎ᠠ ᠬᠡᠮᠵᠢᠶ᠎ᠡ ᠪᠠᠷ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠰᠢᠨ᠎ᠡ ᠳᠡᠭᠲᠡᠷ ᠲᠤ ᠭᠠᠷᠴᠤ᠂ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ ᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号