ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 46 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/13
      10 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ 46 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃      ᠬᠤᠷᠠᠯ ᠳᠡᠭᠡᠷ᠎ᠡ᠂ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠳᠣᠯᠣᠳᠤᠭᠠᠷ᠂ ᠨᠠᠢᠮᠠᠳᠤᠭᠠᠷ᠂ ᠶᠢᠰᠦᠳᠦᠭᠡᠷ ᠤᠳᠠᠭ᠎ᠠ  ᠶᠢᠨ ᠬᠠᠮᠲᠤ ᠶᠢᠨ ᠰᠤᠷᠤᠯᠴᠠᠯᠭ᠎ᠠ ᠶᠢᠨ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ᠂ 8 ᠰᠠᠷ᠎ᠠ ᠶᠢᠨ 31 ᠤ ᠡᠳᠦᠷ ᠤᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ  ᠥᠪᠥᠷ ᠮᠣᠩᠭᠤᠯ ᠤᠨ ᠴᠢᠨᠠᠷ ᠰᠠᠶᠢᠲᠠᠢ  ᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠢ ᠠᠬᠢᠭᠤᠯᠬᠤ ᠲᠤᠬᠠᠢ ᠰᠠᠨᠠᠯ᠂ ᠲᠥᠪ ᠤᠨ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ ᠤᠨ ᠪᠠᠶᠢᠷᠢᠯᠠᠭᠤᠯᠤᠯᠲᠠ ᠶᠢᠨ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ ᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠪᠦᠯᠦᠭ ᠤᠨ ᠳ᠋ᠦᠩᠨᠡᠯᠲᠡ ᠵᠢᠴᠢ ᠬᠤᠶᠠᠳᠤᠭᠠᠷ ᠪᠦᠯᠦᠭ  ᠤᠨ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ᠂ ᠰᠢ ᠶᠢᠨ ᠫᠢᠩ ᠶᠡᠷᠦᠩᠬᠡᠢ ᠱᠦᠵᠢ ᠶᠢᠨ ᠵᠢᠶᠠᠩᠰᠢ᠂ ᠵᠧᠵᠢᠶᠠᠩ᠂ ᠬᠠᠷᠠᠮᠥ᠋ᠷᠡᠨ ᠳᠤ ᠰᠢᠨᠵᠢᠯᠡᠨ ᠪᠠᠶᠢᠴᠠᠭᠠᠬᠤ ᠬᠤᠭᠤᠴᠠᠭᠠᠨ ᠳᠠᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠣᠨ ᠳᠤᠮᠳᠠᠳᠤ ᠤᠯᠤᠰ ᠤᠨ ᠠᠳᠤᠭᠤᠨ ᠨᠡᠶᠢᠰᠯᠡᠯ · ᠠᠳᠤᠭᠤᠨ ᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃  ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠤᠨ ᠬᠢᠨᠠᠨ  ᠵᠦᠪᠯᠡᠭᠰᠡᠨ ᠪᠠᠶᠢᠨ᠎ᠠ᠃      ᠬᠤᠷᠠᠯ ᠠᠴᠠ ᠵᠢᠭᠠᠭᠰᠠᠨ ᠨᠢ᠂ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠰᠠᠶᠢᠲᠤᠷ ᠥᠷᠨᠢᠭᠦᠯᠬᠦ ᠨᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠦᠨᠳᠦᠰᠦᠨ ᠱᠠᠲᠤ ᠵᠦᠭ ᠥᠷᠭᠡᠳᠬᠡᠬᠦ ᠲᠠᠢ ᠬᠤᠯᠪᠣᠭᠳᠠᠬᠤ ᠤᠴᠢᠷ ᠠᠴᠠ ᠠᠯᠤᠰ ᠬᠡᠳᠤ ᠶᠢᠨ ᠠᠴᠢ ᠬᠤᠯᠪᠣᠭᠳᠠᠯ ᠲᠠᠢ ᠮᠦᠷᠲᠡᠭᠡᠨ ᠡᠭᠦᠷᠭᠡ ᠬᠠᠷᠢᠭᠤᠴᠠᠯᠭ᠎ᠠ ᠬᠦᠨᠳᠦ ᠮᠦᠷᠲᠡᠭᠡᠨ ᠴᠢᠬᠤᠯᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢᠨ ᠲᠣᠭᠤᠷᠢᠨ ᠳᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ᠂ ᠪᠣᠳᠠᠲᠠᠢ ᠠᠷᠭ᠎ᠠ ᠬᠡᠮᠵᠢᠶ᠎ᠡ ᠪᠠᠷ ᠬᠤᠶᠠᠳᠤᠭᠠᠷ ᠪᠦᠯᠦᠭ ᠤᠨ ᠭᠤᠣᠯ ᠰᠡᠳᠦᠪᠲᠦ ᠬᠥᠮᠦᠵᠢᠯ ᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠬᠦ ᠬᠡᠷᠡᠭᠲᠡᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠠᠳᠤᠭᠤᠨ ᠤ ᠠᠵᠤ ᠦᠢᠯᠡᠰ ᠪᠣᠯ ᠳᠠᠷᠤᠢ ᠮᠠᠨ ᠤ ᠬᠤᠰᠢᠭᠤᠨ ᠤ ᠤᠯᠠᠮᠵᠢᠯᠠᠯᠲᠤ ᠠᠵᠤ ᠦᠢᠯᠡᠰ ᠮᠥᠨ᠂ ᠮᠥᠨ ᠴᠦ ᠠᠮᠢ ᠠᠬᠤᠢ ᠪᠠᠷ ᠠᠷᠠᠳ ᠢ ᠪᠠᠶᠠᠵᠢᠭᠤᠯᠬᠤ ᠠᠵᠤ ᠦᠢᠯᠡᠰ᠂ ᠡᠯ᠎ᠡ ᠭᠠᠵᠠᠷ᠂ ᠡᠯ᠎ᠡ ᠰᠠᠯᠠᠭ᠎ᠠ ᠮᠥᠴᠢᠷ ᠤᠨ ᠬᠢᠨ ᠮᠠᠨ ᠤ ᠬᠤᠰᠢᠭᠤᠨ  ᠤ ᠣᠨᠴᠠᠯᠢᠭᠲᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠲᠠᠢ ᠤᠶᠠᠯᠳᠤᠭᠤᠯᠤᠨ᠂ ᠤᠷᠢᠳᠴᠢᠯᠠᠨ ᠲᠥᠯᠥᠪᠵᠢᠭᠦᠯᠵᠦ᠂ ᠤᠷᠢᠳᠴᠢᠯᠠᠨ ᠪᠠᠶᠢᠷᠢᠯᠠᠭᠤᠯᠵᠤ᠂ ᠠᠳᠤᠭᠤᠨ ᠰᠣᠶᠣᠯ ᠤᠨ ᠵᠢᠭᠤᠯᠴᠢᠯᠠᠯ ᠤᠨ ᠰᠢᠨ᠎ᠡ ᠡᠵᠡᠩᠨᠡᠯᠲᠡ‌‍ᠶᠢᠨ ᠬᠡᠯᠪᠡᠷᠢ ᠶᠢ ᠶᠡᠭᠡ ᠪᠠᠷ ᠠᠭᠤᠳᠠᠯᠠᠵᠤ᠂ ᠠᠳᠤᠭᠤᠨ ᠰᠣᠶᠣᠯ ᠤᠨ ᠵᠢᠭᠤᠯᠴᠢᠯᠠᠯ ᠤᠨ ᠵᠠᠬ᠎ᠠ ᠳᠡᠯᠭᠡᠭᠦᠷ ᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠠᠳᠤᠭᠤᠨ ᠤ ᠠᠵᠤ ᠦᠢᠯᠡᠰ ᠤᠨ ᠳᠦᠷᠦ ᠶᠢᠨ ᠪᠣᠳᠣᠯᠭ᠎ᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠳᠤᠭᠤ ᠰᠣᠩᠭᠤᠨ ᠪᠣᠶᠢᠵᠢᠭᠤᠯᠬᠤ᠂ ᠭᠤᠣᠯᠯᠠᠭᠴᠢ ᠪᠦᠯᠦᠭ ᠤᠨ ᠪᠠᠶᠢᠭᠤᠯᠤᠯᠲᠠ ᠵᠡᠷᠭᠡ ᠡᠯ᠎ᠡ ᠳᠦᠷᠦᠯ ᠤᠨ ᠠᠵᠢᠯ ᠢ ᠦᠷᠭᠦᠯᠵᠢᠯᠡᠨ ᠠᠬᠢᠭᠤᠯᠵᠤ᠂ ᠠᠳᠤᠭᠤᠨ ᠤ ᠠᠵᠤ ᠦᠢᠯᠡᠰ ᠢ ᠬᠥᠭᠵᠢᠭᠦᠯᠬᠦ ᠶᠢ ᠮᠠᠨ ᠤ ᠬᠤᠰᠢᠭᠤᠨ ᠤ ᠬᠥᠭᠵᠢᠯᠲᠡ ᠶᠢ ᠠᠬᠢᠭᠤᠯᠬᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠰᠢᠪᠲᠤᠯᠤᠯᠲᠠ ᠶᠢᠨ ᠴᠡᠭ ᠪᠣᠯᠭᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠲᠥᠷᠥ ᠶᠢᠨ ᠶᠠᠪᠤᠳᠠᠯ ᠤᠨ ᠬᠤᠷᠢᠶᠠᠨ ᠤ ︽ᠰᠠᠨᠠᠯ︾ ᠨᠢ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ ᠲᠠᠢ ᠨᠢᠭᠲᠠ ᠤᠶᠠᠯᠳᠤᠵᠤ᠂ ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠨ ᠠᠬᠢᠭᠤᠯᠬᠤ ᠶᠡᠷᠦᠩᠬᠡᠢ ᠱᠠᠭᠠᠷᠳᠠᠯᠭ᠎ᠠ᠂ ᠭᠤᠣᠯ ᠡᠭᠦᠷᠭᠡ ᠪᠠ ᠪᠠᠲᠤᠯᠠᠭ᠎ᠠ  ᠶᠢᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ ᠨᠠᠮ ᠤᠨ ᠲᠥᠪ ᠬᠤᠷᠢᠶ᠎ᠠ ᠶᠢᠨ ᠥᠪᠥᠷ ᠮᠣᠩᠭᠤᠯ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠭᠦᠢᠴᠡᠳ ᠢᠯᠡᠷᠡᠭᠦᠯᠪᠡ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ  ᠶᠢᠨ ᠤᠬᠠᠮᠰᠠᠷ ᠢ ᠪᠠᠲᠤ ᠪᠠᠬᠢ ᠪᠤᠶ ᠪᠣᠯᠭᠠᠬᠤ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠥᠨᠳᠥᠷᠴᠡ ᠳᠤ ᠵᠣᠭᠰᠣᠨ᠂ ︽ᠰᠠᠨᠠᠯ︾ ᠳᠤ ᠳᠤᠷᠠᠳᠤᠭᠰᠠᠨ ᠡᠭᠦᠷᠭᠡ᠂ ᠠᠷᠭ᠎ᠠ ᠬᠡᠮᠵᠢᠶ᠎ᠡ  ᠶᠢ ᠦᠵᠡᠰᠬᠦᠯᠡᠩᠲᠦ ᠰᠠᠶᠢᠬᠠᠨ ᠤᠮᠠᠷᠠᠲᠤ ᠬᠢᠯᠢ ᠶᠢ ᠪᠦᠲᠦᠭᠡᠨ ᠪᠠᠶᠢᠭᠤᠯᠬᠤ ᠠᠵᠢᠯᠯᠠᠭᠠᠨ ᠤ ᠵᠦᠭᠯᠡᠭᠦᠷ ᠪᠣᠯᠭᠠᠵᠤ᠂ ᠪᠣᠳᠠᠲᠠᠶᠢᠵᠢᠭᠤᠯᠤᠭᠰᠠᠨ᠂ ᠬᠡᠷᠡᠭᠵᠢᠭᠦᠯᠵᠦ ᠪᠣᠯᠬᠤᠶᠢᠴᠠ ᠨᠠᠶᠢᠳᠠᠪᠤᠷᠢᠵᠢᠭᠤᠯᠬᠤ ᠲᠥᠰᠥᠯ ᠢ ᠱᠠᠯᠠᠪᠳᠠᠨ ᠪᠤᠶ ᠪᠣᠯᠭᠠᠵᠤ ᠂ ᠵᠡᠭᠦᠨ ᠦᠵᠦᠮᠦᠴᠢᠨ ᠬᠤᠰᠢᠭᠤᠨ ᠤ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ‌‍ᠳᠦ ᠰᠢᠨ᠎ᠡ ᠦᠷ᠎ᠡ ᠪᠦᠲᠦᠮᠵᠢ ᠣᠯᠬᠤ ᠶᠢ ᠰᠢᠰᠲ᠋ᠧᠮ ᠲᠠᠢ ᠪᠥᠭᠡᠳ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠡᠢ᠃      ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ᠂  ᠬᠤᠰᠢᠭᠤ ᠨᠠᠮ ᠤᠨ ᠬᠤᠷᠢᠶᠠᠨ ᠤ  ᠳᠡᠳ᠋ ᠱᠦᠵᠢ ᠠᠯᠮᠠᠰ ᠵᠡᠷᠭᠡ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ ᠣᠷᠤᠯᠴᠠᠵᠤ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠦ᠋ᠩᠬᠡ ᠬᠤᠷᠠᠯ ᠳᠤ ᠰᠤᠯᠠ  ᠣᠷᠣᠯᠴᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号