ᠵᠡᠭᠦᠨ ᠬᠠᠲᠠᠪᠴᠢ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ ᠨᠡᠶᠢᠳᠡ 200 ᠲᠦᠮᠡᠨ ᠲᠣᠨ ᠢ ᠳᠠᠪᠠᠵᠠᠢ︕
ᠨᠡᠶᠢᠲᠡᠯᠡᠭᠰᠡᠨ ᠴᠠᠭ᠄
2023/11/13
      10 ᠰᠠᠷ᠎ᠠ ᠶᠢᠨ 20  ᠤ ᠡᠳᠦᠷ᠂ ᠵᠡᠭᠦᠨ ᠬᠠᠲᠠᠪᠴᠢ ᠪᠣᠭᠤᠮᠲᠠ ᠪᠠᠷ ᠦᠩᠭᠡᠷᠡᠭᠰᠡᠨ ᠪᠠᠷᠠᠭᠠᠨ ᠤ ᠬᠡᠮᠵᠢᠶ᠎ᠡ ᠨᠡᠶᠢᠳᠡ 200 ᠲᠦᠮᠡᠨ ᠲᠣᠨ ᠢ ᠳᠠᠪᠠᠵᠠᠢ᠃      ᠭᠤᠣᠯ ᠰᠡᠳᠦᠪᠲᠦ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠭᠤᠣᠯ ᠰᠡᠳᠦᠪᠲᠦ ᠬᠥᠮᠦᠵᠢᠯ ᠢ ᠭᠤᠣᠯ ᠠᠵᠢᠯ ᠲᠠᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ︽ᠬᠤᠶᠠᠷ ᠵᠦᠢᠯ ᠤᠨ ᠡᠬᠢ ᠪᠠᠶᠠᠯᠢᠭ᠂ ᠬᠤᠶᠠᠷ ᠵᠠᠬ᠎ᠠ ᠳᠡᠯᠭᠡᠭᠦᠷ︾ ᠳᠤ ᠴᠢᠩᠭ᠎ᠠ ᠲᠦᠰᠢᠭᠯᠡᠨ᠂ ᠤᠯᠤᠰ ᠤᠨ ︽ᠨᠢᠭᠡ ᠪᠦᠰᠡ ᠨᠢᠭᠡ ᠵᠠᠮ︾ ᠤᠨ ᠰᠠᠨᠠᠭᠠᠴᠢᠯᠠᠭ᠎ᠠ᠂ ᠥᠪᠡᠷᠲᠡᠭᠡᠨ ᠵᠠᠰᠠᠬᠤ ᠣᠷᠣᠨ ᠤ ᠪᠥᠬᠦ ᠲᠠᠯ᠎ᠠ ᠶᠢᠨ ᠭᠠᠳᠠᠭᠠᠳᠤ ᠨᠡᠭᠡᠭᠡᠯᠲᠡ ᠶᠢᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠭᠠᠵᠠᠷ ᠣᠷᠣᠨ  ᠯᠤᠭ᠎ᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠤᠨ ᠨᠡᠭᠡᠭᠡᠯᠲᠡ᠂ ᠰᠠᠭᠤᠷᠢ ᠪᠦᠲᠦᠭᠡᠨ ᠪᠠᠶᠢᠭᠤᠯᠤᠯᠲᠠ᠂ ᠠᠵᠤ ᠠᠬᠤᠢ ᠠᠷᠠᠯᠵᠢᠶ᠎ᠠ ᠰᠣᠶᠣᠯ ᠢᠷᠭᠡᠨᠰᠢᠯ ᠤᠨ ᠶᠠᠪᠤᠯᠴᠠᠭ᠎ᠠ ᠵᠡᠷᠭᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠪᠠᠶᠢᠭᠤᠯᠬᠤ ᠶᠢ ᠴᠢᠨᠠᠷ ᠰᠠᠶᠢᠲᠠᠢ ᠲᠦᠯᠬᠢᠨ ᠠᠬᠢᠭᠤᠯᠵᠤ ᠱᠠᠲᠤ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠃      ᠠᠵᠢᠯ ᠤᠨ ᠳᠤᠮᠳᠠ᠂ ᠵᠡᠭᠦᠨ ᠬᠠᠲᠠᠪᠴᠢ ᠪᠣᠭᠤᠮᠲᠠ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠭᠤᠮᠲᠠ᠂ ᠬᠢᠯᠢ ᠶᠢᠨ ᠪᠠᠶᠢᠴᠠᠭᠠᠯᠲᠠ ᠵᠡᠷᠭᠡ ᠨᠢᠭᠡᠴᠡ ᠲᠠᠢ ᠵᠣᠬᠢᠴᠠᠭᠤᠯᠤᠨ ᠵᠣᠯᠭᠠᠭᠤᠯᠬᠤ ᠪᠠᠨ ᠴᠢᠩᠭᠠᠳᠬᠠᠵᠤ᠂ ᠪᠠᠷᠠᠭᠠᠨ ᠤ ᠲᠡᠭᠡᠭᠡᠪᠦᠷᠢ ᠶᠢᠨ ᠵᠠᠮ᠂ ᠣᠶᠤᠨᠲᠤ ᠪᠣᠭᠤᠮᠲᠠ ᠵᠡᠷᠭᠡ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠰᠠᠭᠤᠷᠢ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠬᠠᠮᠲᠤᠷᠠᠨ ᠪᠠᠶᠢᠴᠠᠭᠠᠬᠤ ᠨᠢᠭᠡᠴᠡ ᠶᠢ ᠨᠢᠭᠲᠠᠷᠠᠭᠤᠯᠤᠨ ᠠᠵᠢᠯ ᠤᠨ  ᠬᠠᠮᠲᠤ ᠶᠢᠨ ᠬᠦᠴᠦᠨ ᠢ ᠪᠦᠷᠢᠯᠳᠦᠭᠦᠯᠵᠦ᠂ ᠪᠣᠭᠤᠮᠲᠠ ᠪᠠᠷ ᠥᠩᠭᠡᠷᠡᠬᠦ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠵᠦ᠂ ᠪᠣᠭᠤᠮᠲᠠ ᠪᠠᠷ ᠥᠩᠭᠡᠷᠡᠬᠦ ᠴᠢᠨᠠᠷ ᠰᠠᠶᠢᠲᠠᠢ᠂ ᠥᠨᠳᠥᠷ ᠪᠦᠲᠦᠮᠵᠢᠲᠡᠶ ᠣᠷᠴᠢᠨ ᠲᠣᠭᠤᠷᠢᠨ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃      ᠵᠡᠭᠦᠨ ᠦᠵᠦᠮᠦᠴᠢᠨ ᠪᠣᠭᠤᠮᠲᠠ ᠶᠢᠨ ᠬᠢᠨ ᠣᠶᠤᠨᠲᠤ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠪᠦᠬᠦ ᠡᠯᠧᠮᠧᠨ᠋ᠲ᠂ ᠪᠦᠬᠦ ᠬᠦᠷᠢᠶ᠎ᠡ᠂ ᠪᠦᠬᠦ ᠬᠡᠯᠬᠢᠶ᠎ᠡ ᠶᠢᠨ ᠬᠢᠨᠠᠨ ᠬᠠᠮᠢᠶᠠᠷᠤᠯᠲᠠ ᠶᠢᠨ ᠰᠢᠰᠲ᠋ᠧᠮ ᠢ ᠢᠳᠡᠪᠬᠢᠲᠡᠢ ᠪᠠᠶᠢᠭᠤᠯᠵᠤ᠂ ᠪᠣᠭᠤᠮᠲᠠ ᠪᠠᠷ ᠥᠩᠭᠡᠷᠡᠬᠦ ᠶᠠᠪᠤᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ᠂ ᠪᠣᠭᠤᠮᠲᠠ ᠶᠢᠨ ᠪᠠᠷᠠᠭᠠᠨ ᠤ ᠭᠦᠢᠯᠭᠡᠭᠡ ᠶᠢ ᠬᠢᠨᠠᠨ ᠡᠵᠡᠮᠳᠡᠬᠦ᠂ ᠪᠠᠶᠢᠴᠠᠭᠠᠨ ᠰᠢᠯᠭᠠᠬᠤ ᠠᠵᠢᠯ ᠢ ᠡᠷᠴᠢᠮᠵᠢᠭᠦᠯᠬᠦ᠂ ᠠᠦ᠋ᠲ᠋ᠣᠴᠢᠯᠠᠬᠤ᠂ ᠣᠶᠤᠨᠴᠢᠯᠠᠬᠤ ᠶᠢ ᠠᠬᠢᠭᠤᠯᠵᠤ᠂ ᠴᠠᠭᠠᠰᠤ ᠬᠡᠷᠡᠭᠯᠡᠬᠦ ᠦᠭᠡᠢ ᠪᠠᠷ ᠪᠠᠶᠢᠴᠠᠭᠠᠨ ᠰᠢᠯᠭᠠᠬᠤ ᠪᠠ ᠣᠶᠤᠨᠴᠢᠯᠠᠭᠰᠠᠨ ᠨᠠᠷᠢᠯᠢᠭ ᠤᠨᠤᠪᠴᠢᠲᠠᠢ ᠠᠵᠢᠯᠯᠠᠬᠤ ᠶᠢ ᠦᠷᠭᠦᠯᠵᠢᠯᠡᠨ ᠬᠡᠷᠡᠭᠵᠢᠭᠦᠯᠵᠦ᠂ ᠪᠣᠭᠤᠮᠲᠠ ᠪᠠᠷ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃      ᠵᠡᠭᠦᠨ ᠬᠠᠲᠠᠪᠴᠢ ᠶᠢᠨ ᠬᠢᠯᠢ ᠪᠠᠷ ᠣᠷᠣᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠥᠷᠲᠡᠭᠡ  ᠨᠢ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠴᠤᠪᠤᠷᠠᠯ ᠪᠠ ᠪᠣᠭᠤᠮᠲᠠ ᠶᠢᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠡᠮᠬᠢᠯᠡᠨ ᠰᠢᠯᠢᠳᠡᠭᠵᠢᠭᠦᠯᠵᠦ᠂ ᠪᠣᠭᠤᠮᠲᠠ ᠪᠠᠷ ᠥᠩᠭᠡᠷᠡᠬᠦ ᠪᠠᠷᠢᠮᠲᠠ ᠶᠢ ᠰᠦᠯᠵᠢᠶᠡᠨ ᠳᠡᠭᠡᠷ᠎ᠡ ᠮᠡᠳᠡᠭᠦᠯᠦᠨ ᠪᠠᠶᠢᠴᠠᠭᠠᠯᠭᠠᠬᠤ᠂ ᠬᠢᠯᠢ ᠪᠠᠷ ᠣᠷᠣᠵᠤ ᠭᠠᠷᠬᠤ ᠲᠥᠷᠥ ᠶᠢᠨ ᠪᠣᠳᠣᠯᠭ᠎ᠠ ᠶᠢ ᠴᠠᠭ ᠲᠤᠬᠠᠢ  ᠳᠤᠨᠢ ᠨᠡᠶᠢᠲᠡᠯᠡᠬᠦ᠂ ᠬᠢᠯᠢ ᠠᠯᠤᠰᠯᠠᠭᠰᠠᠨ ᠴᠠᠭᠳᠠᠭᠠᠨ ᠤ ᠶᠠᠪᠤᠳᠠᠯ ᠤᠨ ᠬᠠᠮᠲᠤᠷᠠᠯᠴᠠᠭ᠎ᠠ ᠶᠢ ᠴᠢᠩᠭᠠᠳᠬᠠᠬᠤ᠂ ᠳᠠᠩᠰᠠᠯᠠᠭᠤᠯᠤᠭᠰᠠᠨ ᠮᠠᠲ᠋ᠧᠷᠢᠶᠠᠯ ᠢ ᠵᠠᠯᠭᠠᠮᠵᠢᠯᠠᠨ ᠬᠡᠷᠡᠭᠯᠡᠬᠦ ᠵᠡᠷᠭᠡ 10 ᠵᠦᠢᠯ ᠤᠨ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠨᠡᠶᠢᠲᠡᠯᠡᠵᠦ᠂ ᠤᠯᠤᠰ ᠤᠨ ᠡᠭᠦᠳᠡ ᠪᠣᠭᠤᠮᠲᠠ ᠶᠢᠨ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠣᠷ᠎ᠠ᠂ ᠪᠣᠭᠤᠮᠲᠠ ᠪᠠᠷ ᠥᠩᠭᠡᠷᠡᠬᠦ ᠦᠷ᠎ᠡ ᠪᠦᠲᠦᠮᠵᠢ ᠶᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠪᠠ᠃      ᠣᠶᠢᠯᠠᠭᠠᠭᠰᠠᠨ ᠢᠶᠠᠷ᠂ 9 ᠰᠠᠷ᠎ᠠ ᠶᠢᠨ 30 ᠤ ᠡᠳᠦᠷ ᠪᠣᠯᠲᠠᠯ᠎ᠠ᠂ ᠡᠨᠡ ᠵᠢᠯ ᠤᠨ ᠪᠣᠭᠤᠮᠲᠠ ᠶᠢᠨ ᠬᠢᠨᠠᠨ ᠬᠠᠮᠢᠶᠠᠷᠤᠯᠲᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ  ᠭᠠᠷᠭᠠᠭᠰᠠᠨ ᠪᠠᠷᠠᠭ᠎ᠠ 184.57 ᠲᠦᠮᠡᠨ ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 60.72 ᠳᠠᠬᠢᠨ ᠪᠣᠯᠵᠠᠢ᠂ ᠡᠭᠦᠨ ᠳᠤ ᠭᠠᠳᠠᠭᠠᠳᠤ ᠠᠴᠠ ᠣᠷᠣᠭᠤᠯᠤᠭᠰᠠᠨ ᠨᠢ 182.02 ᠲᠦᠮᠡᠨ ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 109.26 ᠳᠠᠬᠢᠨ ᠪᠠᠶᠢᠵᠤ᠂ ᠭᠠᠳᠠᠭᠠᠳᠤ ᠳᠤ ᠭᠠᠷᠭᠠᠭᠰᠠᠨ ᠨᠢ 2.55 ᠲᠦᠮᠡᠨ ᠲᠣᠨ ᠪᠠᠶᠢᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 1.86 ᠳᠠᠬᠢᠨ ᠪᠣᠯᠵᠠᠢ᠃      ᠲᠠᠷᠠᠭᠠᠴᠢ ᠶᠢᠨ ᠠᠯᠬᠤᠮ ᠳᠤ᠂ ᠵᠡᠭᠦᠨ ᠦᠵᠦᠮᠦᠴᠢᠨ ᠬᠤᠰᠢᠭᠤᠨ ᠤ ᠭᠠᠳᠠᠭᠠᠳᠤ ᠨᠡᠭᠡᠭᠡᠯᠲᠡ ᠶᠢᠨ ᠬᠢᠷᠢ ᠲᠦᠪᠰᠢᠨ ᠢᠶᠠᠨ ᠦᠷᠭᠦᠯᠵᠢᠯᠡᠨ ᠥᠷᠭᠡᠳᠬᠡᠵᠦ᠂ ᠬᠠᠮᠲᠤᠷᠠᠨ ᠪᠠᠶᠢᠴᠠᠭᠠᠬᠤ ᠨᠢᠭᠡᠴᠡ ᠶᠢᠨ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠤᠨ᠂ ᠬᠢᠯᠢ ᠠᠯᠤᠰᠯᠠᠭᠰᠠᠨ ᠠᠷᠠᠯᠵᠢᠶ᠎ᠠ ᠶᠢᠨ ᠳᠥᠭᠦᠮᠴᠢᠯᠡᠯᠲᠡ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠣᠭᠤᠮᠲᠠ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号