ᠵᠡᠭᠦᠨ ᠦᠵᠦᠮᠦᠴᠢᠨ ᠬᠤᠰᠢᠭᠤᠨ ᠤ ᠳᠥᠷᠪᠡᠨ ᠵᠦᠢᠯ ᠤᠨ ᠠᠷᠭ᠎ᠠ ᠬᠡᠮᠵᠢᠶ᠎ᠡ ᠨᠢ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/11/13
      ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠪᠣᠯᠭᠠᠨ ᠪᠦᠲᠦᠭᠡᠨ ᠪᠠᠶᠢᠭᠤᠯᠬᠤ ᠪᠣᠯ ︽ᠲᠠᠪᠤᠨ ᠶᠡᠭᠡ ᠡᠭᠦᠷᠭᠡ︾ ᠶᠢᠨ ᠨᠢᠭᠡ ᠪᠣᠯᠣᠨ᠎ᠠ᠂ ᠮᠥᠨᠴᠦ ᠥᠪᠥᠷ ᠮᠣᠩᠭᠤᠯ ᠤᠨ ᠨᠡᠩ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠬᠤ ᠶᠢᠨ ᠬᠠᠮᠲᠤ ᠥᠨᠳᠥᠷ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠪᠣᠳᠠᠲᠤ ᠬᠡᠷᠡᠭᠴᠡᠭᠡ ᠪᠣᠯᠣᠨ᠎ᠠ᠃ ᠵᠡᠭᠦᠨ ᠦᠵᠦᠮᠦᠴᠢᠨ ᠬᠤᠰᠢᠭᠤᠨ ᠤ ᠬᠢᠨ ᠠᠵᠠ ᠲᠣᠬᠢᠶᠠᠯ ᠢ ᠪᠠᠲᠤ ᠡᠵᠡᠮᠳᠡᠵᠦ᠂ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠶᠢ ᠤᠶᠠᠯᠳᠤᠭᠤᠯᠬᠤ ᠶᠢ ᠪᠠᠷᠢᠮᠲᠠᠯᠠᠵᠤ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠠᠰᠢᠭᠯᠠᠵᠤ᠂ ᠣᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢᠨ ᠠᠵᠢᠯ ᠢ ᠰᠠᠶᠢᠲᠤᠷ ᠬᠢᠪᠡ  ᠃      ᠨᠢᠭᠡ ᠳᠤ᠂ ᠲᠠᠸᠠᠷ ᠤᠨ ᠠᠷᠠᠯᠵᠢᠶᠠᠨ ᠤ ᠴᠤᠭᠯᠠᠭᠠᠨ ᠢ ᠡᠷᠬᠢᠯᠡᠵᠦ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠠᠬᠢᠭᠤᠯᠪᠡ᠃ ᠮᠠᠨ ᠤ ᠬᠤᠰᠢᠭᠤᠨ ᠤ ᠠᠮᠢ ᠠᠬᠤᠢ ᠶᠢᠨ ᠫᠠᠶᠢᠰᠠ ᠶᠢ ᠦᠷᠭᠦᠯᠵᠢᠯᠡᠨ ᠰᠠᠶᠢᠲᠤᠷ ᠡᠷᠭᠦᠬᠦ ᠶᠢ ᠳᠠᠭᠠᠯᠳᠤᠨ᠂ ︽ᠳᠥᠷᠪᠡᠨ ᠴᠠᠭ ᠤᠨ ᠦᠵᠦᠮᠦᠴᠢᠨ︾ ᠤ ᠨᠠᠷᠠᠲᠤ ᠲᠡᠮᠳᠡᠭᠲᠦ ᠶᠢᠨ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠢᠯᠯᠠᠭ᠎ᠠ ᠪᠠᠷ ᠰᠣᠯᠢᠯᠴᠠᠭᠠᠨ ᠤ ᠴᠤᠭᠯᠠᠭᠠᠨ ᠵᠡᠷᠭᠡ ᠦᠵᠡᠭᠦᠯᠦᠯᠭᠡ ᠶᠢᠨ ᠦᠢᠯᠡᠴᠢᠯᠡᠭᠡᠨ ᠤ ᠬᠡᠷᠡᠭᠯᠡᠭᠡ ᠶᠢ ᠳᠠᠶᠢᠴᠢᠯᠠᠬᠤ ᠴᠢᠳᠠᠪᠤᠷᠢ ᠪᠠ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ︽ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠤᠳᠠᠭᠠᠨ ᠤ ᠠᠷᠠᠳ ᠤᠨ ᠨᠠᠭᠠᠳᠤᠮ ᠵᠢᠴᠢ ︽ᠳᠥᠷᠪᠡᠨ ᠴᠠᠭ ᠤᠨ ᠦᠵᠦᠮᠦᠴᠢᠨ︾ ᠤ ᠰᠣᠶᠣᠯ ᠵᠢᠭᠤᠯᠴᠢᠯᠠᠯ ᠤᠨ ᠪᠠᠶᠠᠷ ᠤᠨ ᠰᠢᠷᠢᠰ ᠠᠵᠢᠯᠯᠠᠭ᠎ᠠ ᠳᠤ ᠲᠦᠰᠢᠭᠯᠡᠨ᠂ ᠮᠠᠨ ᠤ ᠬᠤᠰᠢᠭᠤ 7 ᠰᠠᠷ᠎ᠠ ᠶᠢᠨ 15 ᠤ ᠡᠳᠦᠷ ᠠᠴᠠ 7 ᠰᠠᠷ᠎ᠠ ᠶᠢᠨ 24 ᠤ ᠡᠳᠦᠷ ᠪᠣᠯᠲᠠᠯ᠎ᠠ 2023 · ᠵᠡᠭᠦᠨ ᠬᠠᠳᠠᠪᠴᠢ ᠣᠯᠠᠨ ᠤᠯᠤᠰ ᠤᠨ ᠲᠠᠸᠠᠷ ᠤᠨ ᠰᠣᠯᠢᠯᠴᠠᠭᠠᠨ ᠤ ᠴᠤᠭᠯᠠᠭᠠᠨ ᠢ ᠡᠷᠭᠢᠯᠡᠵᠦ᠂ ᠬᠡᠷᠡᠭᠯᠡᠭᠴᠢᠳ ᠢ ᠨᠡᠶᠢᠲᠡ 3 ᠲᠦᠮᠡᠨ ᠬᠥᠮᠥᠨ ᠤᠳᠠᠭ᠎ᠠ ᠭᠥᠯᠢᠶᠡᠨ ᠠᠪᠴᠤ᠂ ᠬᠡᠷᠡᠭᠯᠡᠭᠡᠨ ᠤ ᠵᠣᠭᠤᠰᠤᠨ ᠲᠤᠭ᠎ᠠ 502 ᠲᠦᠮᠡᠨ ᠲᠥᠭᠦᠷᠢᠭ ᠲᠤ ᠬᠦᠷᠴᠦ᠂ ᠲᠠᠸᠠᠷ ᠤᠨ ᠰᠣᠯᠢᠯᠴᠠᠭᠠᠨ ᠤ ᠴᠤᠭᠯᠠᠭᠠᠨ ᠨᠢ ᠤᠮᠠᠷᠠᠰᠢ ᠨᠡᠭᠡᠭᠡᠯᠲᠡ ᠬᠢᠬᠦ᠂ ᠠᠷᠠᠯᠵᠢᠶ᠎ᠠ ᠬᠤᠳᠠᠯᠳᠤᠭᠠᠨ ᠤ ᠭᠦᠢᠯᠭᠡᠭᠡ ᠶᠢ ᠬᠥᠭᠵᠢᠭᠦᠯᠬᠦ᠂ ᠪᠣᠭᠤᠮᠲᠠ ᠶᠢᠨ ᠠᠵᠤ ᠠᠬᠤᠢ ᠠᠷᠠᠯᠵᠢᠶᠠᠨ ᠤ ᠬᠠᠮᠲᠤᠷᠠᠯᠴᠠᠭ᠎ᠠ ᠶᠢ ᠥᠷᠭᠡᠳᠬᠡᠬᠦ᠂ ᠬᠢᠯᠢ ᠶᠢᠨ ᠵᠢᠭᠤᠯᠴᠢᠯᠠᠯ ᠢ ᠳᠡᠭᠡᠭᠰᠢᠯᠡᠭᠦᠯᠬᠦ ᠳᠤ ᠲᠤᠶᠢᠯ ᠤᠨ ᠴᠢᠬᠤᠯᠠ ᠦᠢᠯᠡᠳᠦᠯ ᠲᠠᠢ ᠪᠠᠶᠢᠵᠤ᠂ ᠮᠠᠨ ᠤ ᠬᠤᠰᠢᠭᠤᠨ ᠤ ᠠᠯᠳᠠᠷᠰᠢᠯ ᠢ ᠤᠯᠠᠮ ᠨᠢᠭᠡ ᠠᠯᠬᠤᠮ ᠳᠡᠭᠡᠭᠰᠢᠯᠡᠭᠦᠯᠪᠡ  ᠃      ᠬᠤᠶᠠᠷ ᠲᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠪᠣᠯᠪᠠᠰᠤᠷᠠᠭᠤᠯᠤᠯ ᠳᠤ ᠣᠷᠣᠯᠴᠠᠭᠤᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠪᠡ᠃ ᠳᠡᠯᠡᠬᠡᠶᠢᠵᠢᠯᠲᠡ ᠶᠢᠨ ᠠᠬᠢᠴᠠ ᠶᠢᠨ ᠲᠠᠰᠤᠷᠠᠯᠳᠠ ᠦᠭᠡᠢ ᠲᠦᠷᠭᠡᠳᠬᠦ ᠶᠢ ᠳᠠᠭᠠᠯᠳᠤᠨ᠂ ᠭᠠᠳᠠᠭᠠᠳᠤ ᠠᠵᠤ ᠠᠬᠤᠢ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠤᠳᠤ ᠦᠶ᠎ᠡ ᠶᠢᠨ ᠠᠵᠤ ᠠᠬᠤᠢ ᠳᠠᠬᠢ ᠪᠠᠶᠢᠷᠢ ᠰᠠᠭᠤᠷᠢ ᠤᠯᠠᠮ ᠠᠴᠠ ᠤᠯᠠᠮ ᠴᠢᠬᠤᠯᠠ ᠪᠣᠯᠵᠤ᠂ ᠭᠠᠳᠠᠭᠠᠳᠤ ᠠᠵᠤ ᠠᠬᠤᠢ ᠠᠷᠠᠯᠵᠢᠶᠠᠨ ᠤ ᠠᠵᠢᠯᠯᠠᠭᠴᠢᠳ ᠥᠪᠡᠷ ᠤᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠡᠯᠡᠬᠡᠢ ᠶᠢᠨ ᠣᠷᠴᠢᠨ ᠨᠥᠬᠦᠴᠡᠯ ᠤᠨ ᠥᠷᠢᠰᠦᠯᠳᠦᠭᠡᠨ ᠢ ᠠᠷᠭᠠᠴᠠᠬᠤ ᠶᠢᠨ ᠬᠠᠮᠲᠤ ᠠᠵᠠ ᠲᠣᠬᠢᠶᠠᠯ ᠢ ᠠᠳᠬᠤᠬᠤ ᠴᠢᠬᠤᠯᠠᠲᠠᠢ ᠪᠠᠶᠢᠨ᠎ᠠ᠃ ᠮᠠᠨ ᠤ ᠬᠤᠰᠢᠭᠤ ᠨᠡᠶᠢᠲᠡ 20 ᠭᠠᠷᠤᠢ ᠭᠠᠳᠠᠭᠠᠳᠤ ᠠᠵᠤ ᠠᠬᠤᠢ ᠠᠷᠠᠯᠵᠢᠶᠠᠨ ᠤ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ︽2023 ᠣᠨ ᠤ ᠪᠥᠬᠦ ᠣᠷᠣᠨ ᠤ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ︾ ︽2023 ᠣᠨ ᠤ ᠭᠠᠳᠠᠭᠠᠳᠤ ᠠᠷᠠᠯᠵᠢᠶᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠤᠨ ᠠᠩᠭᠢ︾ ︽ᠪᠥᠬᠦ ᠠᠶᠢᠮᠠᠭ ᠤᠨ ᠭᠠᠳᠠᠭᠠᠳᠤ ᠪᠡᠯᠡ ᠶᠢᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ︾ ᠵᠡᠷᠭᠡ ᠳᠤ ᠣᠷᠣᠯᠴᠠᠭᠤᠯᠪᠠ᠃ ᠪᠣᠯᠪᠠᠰᠤᠷᠠᠭᠤᠯᠤᠯ ᠤᠨ ᠬᠤᠷᠠᠯ ᠨᠢ ᠠᠵᠤ ᠠᠬᠤᠶᠢᠯᠠᠯ ᠳᠤ ᠲᠥᠷᠥ ᠶᠢᠨ ᠪᠣᠳᠣᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ ᠲᠥᠷᠥ ᠶᠢᠨ ᠪᠣᠳᠣᠯᠭ᠎ᠠ ᠶᠢ ᠬᠡᠷᠡᠭᠯᠡᠵᠦ᠂ ᠲᠥᠷᠥ ᠶᠢᠨ ᠪᠣᠳᠣᠯᠭ᠎ᠠ ᠶᠢ ᠰᠠᠶᠢᠲᠤᠷ ᠬᠡᠷᠡᠭᠯᠡᠭᠦᠯᠵᠦ᠂ ᠲᠥᠷᠥ ᠶᠢᠨ ᠪᠣᠳᠣᠯᠭ᠎ᠠ ᠶᠢᠨ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ ᠠᠵᠢᠯ ᠢ ᠥᠷᠭᠡᠳᠬᠡᠬᠦ ᠲᠠᠯ᠎ᠠ ᠪᠠᠷ ᠬᠢ ᠬᠥᠲᠥᠯᠥᠨ ᠵᠢᠯᠤᠭᠤᠳᠬᠤ ᠪᠠ ᠠᠬᠢᠭᠤᠯᠬᠤ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠢ ᠨᠡᠭᠡᠭᠡᠬᠦ ᠴᠢᠳᠠᠪᠤᠷᠢ ᠪᠠᠨ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠬᠦ ᠪᠣᠯᠣᠨ᠎ᠠ᠃      ᠭᠤᠷᠪᠠ ᠳᠤ᠂ ᠠᠵᠤ ᠠᠬᠤᠶᠢᠯᠠᠯ ᠢ ᠵᠣᠬᠢᠶᠠᠨ ᠪᠠᠶᠢᠭᠤᠯᠵᠤ ᠬᠤᠷᠠᠯ ᠦᠵᠡᠰᠬᠦᠯᠡᠩ ᠳᠤ ᠣᠷᠣᠯᠴᠠᠭᠤᠯᠤᠨ ᠬᠠᠮᠲᠤᠷᠠᠯᠴᠠᠭ᠎ᠠ ᠰᠣᠯᠢᠯᠴᠠᠭᠠᠨ ᠤ ᠲᠦᠪᠰᠢᠨ ᠢ ᠳᠡᠭᠡᠭᠰᠢᠯᠡᠭᠦᠯᠪᠡ᠃ ᠪᠦᠬᠦ ᠪᠥᠮᠪᠥᠷᠴᠡᠭ ᠤᠨ ᠠᠵᠤ ᠠᠬᠤᠢ ᠶᠢᠨ ᠲᠦᠷᠭᠡᠨ ᠬᠥᠭᠵᠢᠯᠲᠡ ᠪᠠ ᠮᠡᠳᠡᠭᠡ ᠵᠠᠩᠭᠢ ᠶᠢᠨ ᠮᠡᠷᠭᠡᠵᠢᠯ ᠤᠨ ᠲᠠᠰᠤᠷᠠᠯᠲᠠ ᠦᠭᠡᠢ ᠬᠡᠷᠡᠭᠯᠡᠭᠳᠡᠬᠦ ᠶᠢ ᠳᠠᠭᠠᠯᠳᠤᠨ᠂ ᠬᠤᠷᠠᠯ ᠦᠵᠡᠰᠬᠦᠯᠡᠩ ᠤᠨ ᠠᠵᠢᠯᠯᠠᠭ᠎ᠠ ᠨᠢ ᠡᠳᠦᠷ ᠢᠷᠡᠬᠦᠶ᠎ᠡ ᠠᠵᠤ ᠠᠬᠤᠶᠢᠯᠠᠯ ᠤᠨ ᠬᠤᠭᠤᠷᠣᠨᠳᠣᠬᠢ ᠰᠣᠯᠢᠯᠴᠠᠭ᠎ᠠ ᠪᠠ ᠬᠠᠮᠲᠤᠷᠠᠯᠴᠠᠭᠠᠨ ᠤ ᠲᠠᠪᠴᠠᠩ ᠪᠣᠯᠵᠤ᠂ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠲᠦᠯᠬᠢᠴᠡ ᠬᠦᠴᠦᠨ ᠪᠣᠯᠤᠭᠰᠠᠨ ᠪᠠᠶᠢᠨ᠎ᠠ᠃ ᠮᠠᠨ ᠤ ᠬᠤᠰᠢᠭᠤ ᠵᠠᠰᠠᠭ ᠠᠵᠤ ᠠᠬᠤᠶᠢᠯᠠᠯ ᠤᠨ ᠠᠵᠢᠯᠲᠠᠳ ᠢ ᠢᠳᠡᠪᠬᠢᠲᠡᠢ ᠵᠣᠬᠢᠶᠠᠨ ᠪᠠᠶᠢᠭᠤᠯᠵᠤ ︽2023 ᠬᠤᠭᠤᠴᠠᠭᠠᠨ ᠤ ᠰᠢᠯᠢ ᠶᠢᠨ ᠭᠤᠣᠯ ᠠᠶᠢᠮᠠᠭ ᠤᠨ ᠲᠠᠷᠢᠶᠠᠯᠠᠩ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠵᠢᠴᠢ ᠳᠤᠮᠳᠠᠳᠤ ᠮᠣᠩᠭᠤᠯ ᠤᠨ ᠲᠠᠸᠠᠷ ᠤᠨ ᠳᠡᠯᠭᠡᠨ ᠪᠣᠷᠣᠯᠠᠭᠤᠯᠤᠯᠲᠠ ᠶᠢᠨ ᠴᠤᠭᠯᠠᠭᠠᠨ︾ ︽2023 ᠳᠤᠮᠳᠠᠳᠤ ᠤᠯᠤᠰ ︵ᠡᠷᠢᠶᠡᠨ ᠬᠤᠲᠠ︶ ᠤᠨ ᠣᠯᠠᠨ ᠤᠯᠤᠰ ᠤᠨ ᠠᠵᠤ ᠠᠬᠤᠢ ᠠᠷᠠᠯᠵᠢᠶᠠᠨ ᠤ ᠪᠡᠯᠡ ᠣᠷᠣᠭᠤᠯᠤᠯᠲᠠ ᠶᠢᠨ ᠵᠥᠪᠳᠡᠯᠴᠡᠭᠡᠷ ᠤᠨ ᠬᠤᠷᠠᠯ ᠵᠢᠴᠢ ᠦᠵᠡᠰᠬᠦᠯᠡᠩ︾ ︽ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ︱ ᠮᠣᠩᠭᠤᠯ ᠤᠯᠤᠰ ᠤᠨ ᠦᠵᠡᠰᠬᠦᠯᠡᠩ︾ ᠵᠡᠷᠭᠡ ᠳᠤ ᠣᠷᠣᠯᠴᠠᠪᠠ᠃ ᠳᠡᠯᠭᠡᠨ ᠦᠵᠡᠭᠦᠯᠵᠦ ᠪᠣᠷᠣᠯᠠᠭᠤᠯᠬᠤ ᠴᠤᠭᠯᠠᠭᠠᠨ ᠢᠶᠠᠷ ᠳᠠᠮᠵᠢᠭᠤᠯᠤᠨ ᠮᠠᠨ ᠤ ᠬᠤᠰᠢᠭᠤᠨ ᠤ ᠭᠤᠣᠯᠳᠠᠯᠭ᠎ᠠ ᠲᠠᠢ ᠠᠵᠤ ᠠᠬᠤᠶᠢᠯᠠᠯ ᠤᠨ ᠪᠦᠲᠦᠭᠡᠭᠳᠡᠬᠦᠨ ᠤ ᠨᠠᠷᠠᠲᠤ ᠲᠡᠮᠳᠡᠭᠲᠦ ᠶᠢᠨ ᠠᠯᠳᠠᠷᠰᠢᠯ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠠᠵᠤ ᠠᠬᠤᠶᠢᠯᠠᠯ ᠤᠨ ᠪᠣᠷᠤᠯᠠᠭᠤᠯᠭ᠎ᠠ ᠶᠢᠨ ᠵᠠᠬ᠎ᠠ ᠳᠡᠯᠭᠡᠭᠦᠷ ᠢ ᠥᠷᠭᠡᠳᠬᠡᠬᠦ᠂ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠬᠡᠮᠵᠢᠶ᠎ᠡ ᠶᠢ ᠳᠡᠭᠡᠭᠰᠢᠯᠡᠭᠦᠯᠬᠦ ᠳᠤ ᠮᠠᠰᠢ ᠰᠠᠶᠢᠨ ᠦᠵᠡᠭᠦᠯᠦᠯᠭᠡ ᠶᠢᠨ ᠲᠠᠪᠴᠠᠩ ᠬᠠᠩᠭᠠᠭᠰᠠᠨ ᠪᠠᠶᠢᠨ᠎ᠠ᠃      ᠳᠥᠷᠪᠡ ᠳᠤ᠂ ᠬᠦᠴᠦᠨ ᠢᠶᠠᠨ ᠲᠥᠪᠯᠡᠷᠡᠭᠦᠯᠦᠨ ᠡᠯᠧᠺᠲᠷᠣᠨ ᠬᠤᠳᠠᠯᠳᠤᠭ᠎ᠠ ᠶᠢ ᠰᠢᠭᠤᠳ ᠨᠠᠪᠲᠠᠷᠡᠭᠦᠯᠵᠦ᠂ ᠰᠦᠯᠵᠢᠶᠡᠨ ᠤ ᠨᠡᠪᠲᠡᠷᠡᠭᠦᠯᠭᠡ ᠶᠢᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠪᠡ᠃ ᠰᠢᠭᠤᠳ ᠨᠡᠪᠲᠡᠷᠡᠭᠦᠯᠬᠦ ᠡᠯᠧᠺᠲᠷᠣᠨ ᠬᠤᠳᠠᠯᠳᠤᠭᠠᠨ ᠤ ᠰᠢᠨ᠎ᠡ ᠡᠵᠡᠩᠨᠡᠯᠲᠡ ᠶᠢᠨ ᠬᠡᠯᠪᠡᠷᠢ ᠰᠢᠨ᠎ᠡ ᠵᠠᠭᠪᠤᠷ ᠤᠨ ᠬᠥᠭᠵᠢᠯᠲᠡ ᠶᠢ ᠳᠠᠭᠠᠯᠳᠤᠨ᠂ ᠢᠨᠲ᠋ᠧᠷ ᠰᠦᠯᠵᠢᠶᠡᠨ ᠤ ᠡᠨᠧᠷᠭᠢ ᠣᠯᠭᠤᠬᠤ ᠤᠯᠠᠮᠵᠢᠯᠠᠯᠲᠤ ᠠᠵᠤ ᠦᠢᠯᠡᠰ ᠤᠨ ᠬᠥᠭᠵᠢᠯᠲᠡ ᠨᠢ ᠡᠳᠦᠷ ᠢᠷᠡᠬᠦᠶ᠎ᠡ ᠬᠡᠷᠡᠭᠯᠡᠭᠡᠨ ᠤ ᠰᠢᠨ᠎ᠡ ᠨᠡᠮᠡᠭᠳᠡᠯ ᠤᠨ ᠴᠡᠭ ᠪᠣᠯᠵᠤ ᠪᠠᠶᠢᠨ᠎ᠠ᠃ 2023 ᠣᠨ ᠤ ᠲᠢᠺ ᠲᠤᠺ   ᠤᠨ ᠴᠠᠭᠠᠨ ᠰᠠᠷ᠎ᠠ ᠶᠢᠨ ᠪᠠᠷᠠᠭᠠᠨ ᠤ ᠪᠠᠶᠠᠷ ᠲᠤ ᠦᠵᠦᠮᠦᠴᠢᠨ ᠬᠤᠨᠢ ᠶᠢ ᠳᠡᠯᠭᠡᠷᠡᠭᠦᠯᠬᠦ ᠤᠬᠠᠭᠤᠯᠭ᠎ᠠ ᠶᠢᠨ ᠠᠵᠢᠯᠯᠠᠭ᠎ᠠ ᠲᠠᠢ ᠤᠶᠠᠯᠳᠤᠭᠤᠯᠤᠨ᠂ ᠦᠵᠦᠮᠦᠴᠢᠨ ᠬᠤᠨᠢᠨ ᠤ ᠮᠢᠬ᠎ᠠ ᠵᠢᠴᠢ ᠬᠠᠮᠢᠶ᠎ᠠ ᠪᠦᠬᠦᠢ ᠪᠦᠲᠦᠭᠡᠭᠳᠡᠬᠦᠨ ᠢ ᠰᠢᠭᠤᠳ ᠨᠡᠪᠲᠡᠷᠡᠭᠦᠯᠭᠡ ᠪᠠᠷ 400 ᠲᠦᠮᠡᠨ ᠲᠥᠭᠦᠷᠢᠭ ᠬᠤᠳᠠᠯᠳᠣᠵᠤ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠰᠦᠯᠵᠢᠶᠡᠨ ᠳᠡᠭᠡᠷᠡᠬᠢ ᠪᠣᠷᠤᠯᠠᠭᠤᠯᠭ᠎ᠠ ᠶᠢᠨ ᠨᠡᠮᠡᠭᠳᠡᠯ ᠤᠨ ᠨᠣᠷᠮ᠎ᠠ 200% ᠶᠢ ᠳᠠᠪᠠᠵᠠᠢ᠃ ᠡᠭᠦᠨ ᠤ ᠬᠠᠮᠲᠤ ᠮᠠᠨ ᠤ ᠬᠤᠰᠢᠭᠤᠨ ᠤ ᠰᠦᠯᠵᠢᠶᠡᠨ ᠤ ᠨᠠᠪᠲᠡᠷᠡᠭᠦᠯᠦᠭᠴᠢ ᠪᠠᠲᠤ ᠠᠨᠳᠠ ︽ᠲᠥᠪ ᠤᠨ young  ᠤᠨ ᠵᠤᠨ︾  ᠤ ᠲᠠᠯ᠎ᠠ ᠨᠤᠲᠤᠭ ᠤᠨ ᠳᠠᠭᠤᠤ ᠶᠢᠨ ᠴᠤᠭᠯᠠᠭᠠᠨ᠂ ︽ᠲᠥᠪ ᠲᠧᠯᠸᠢᠰ ᠤᠨ CCTV — 3 ᠵᠤᠨ ᠤ ᠤᠳᠤᠨ ᠬᠡᠷᠡᠯᠳᠦ ᠰᠥᠨᠢ︾ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠠᠵᠢᠯᠯᠠᠭ᠎ᠠ ᠳᠤ ᠣᠷᠣᠯᠴᠠᠵᠤ᠂ ᠬᠤᠶᠠᠷ ᠤᠳᠠᠭᠠᠨ ᠤ ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ 5 ᠴᠠᠭ ᠶᠠᠪᠤᠭᠳᠠᠵᠤ᠂ ᠪᠣᠷᠤᠯᠠᠭᠤᠯᠭ᠎ᠠ ᠶᠢᠨ ᠬᠡᠮᠵᠢᠶ᠎ᠡ ᠨᠢ ᠨᠡᠶᠢᠲᠡ 24.1 ᠲᠦᠮᠡᠨ ᠲᠥᠭᠦᠷᠢᠭ ᠲᠤ ᠬᠦᠷᠪᠡ᠃ ᠲᠠᠷᠠᠭᠠᠴᠢ ᠶᠢᠨ ᠠᠯᠬᠤᠮ ᠳᠤ ᠮᠠᠨ ᠤ ᠬᠤᠰᠢᠭᠤ ᠬᠢᠯᠢ ᠶᠢᠨ ᠪᠣᠭᠤᠮᠲᠠ ᠶᠢᠨ ᠳᠠᠪᠠᠭᠤᠯᠢᠭ ᠲᠠᠭᠠᠨ ᠲᠦᠰᠢᠭᠯᠡᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠬᠥᠭᠵᠢᠯᠲᠡ ᠶᠢᠨ ᠠᠰᠢᠭᠲᠠᠢ ᠲᠣᠬᠢᠶᠠᠯ ᠢ ᠪᠠᠲᠤ ᠡᠵᠡᠮᠳᠡᠵᠦ᠂ ᠬᠢᠯᠢ ᠠᠯᠤᠰᠯᠠᠭᠰᠠᠨ ᠰᠢᠭᠤᠳ ᠨᠡᠪᠲᠡᠷᠡᠭᠦᠯᠭᠡ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠦᠢᠯᠡᠰ ᠲᠤ ᠰᠢᠨ᠎ᠡ ᠬᠦᠴᠦᠨ ᠨᠡᠮᠡᠷᠢᠯᠡᠨ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号