10 ᠰᠠᠷ᠎ᠠ ᠶᠢᠨ 31 ᠤ ᠡᠳᠦᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ | ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠥ᠋ᠩᠬᠡ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠪᠠᠨ | ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ ᠵᠢᠷᠭᠤᠳᠤᠭᠠᠷ ᠤᠳᠠᠭᠠᠨ ᠤ ᠬᠤᠷᠠᠯ ᠢ | ᠡᠷᠭᠢᠯᠡᠨ ᠬᠤᠷᠠᠯᠳᠤᠭᠤᠯᠪᠠ᠃ | ᠳᠡᠳ᠋ ᠬᠤᠰᠢᠭᠤ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠣᠣ ᠮᠢᠩ | ᠤᠷᠢᠯᠭ᠎ᠠ ᠪᠠᠷ ᠬᠤᠷᠠᠯ ᠳᠤ ᠣᠷᠣᠯᠴᠠᠵᠠᠢ᠃ | ᠲᠣᠰ ᠤᠳᠠᠭᠠᠨ ᠤ ᠬᠤᠷᠠᠯ ᠳᠤ ᠣᠷᠣᠯᠴᠠᠬᠤ ᠶᠣᠰᠣᠲᠠᠢ ᠭᠡᠰᠢᠭᠦᠨ 25 ᠬᠦᠮᠦᠨ᠂ ᠪᠣᠳᠠᠲᠠᠢ 23 | ᠭᠡᠰᠢᠭᠦᠨ ᠣᠷᠤᠯᠴᠠᠵᠤ᠂ ᠤᠯᠤᠰ ᠲᠥᠷᠥ ᠶᠢᠨ ᠵᠥᠪᠯᠡᠯᠭᠡᠨ ᠤ ᠳᠦᠷᠢᠮ ᠲᠣᠭᠲᠠᠭᠠᠯ ᠨᠡᠶᠢᠴᠡᠪᠡ᠃ | ᠬᠤᠷᠠᠯ ᠠᠴᠠ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ | ᠵᠣᠷᠢᠭᠲᠤ ᠠᠴᠠ ᠪᠠᠶᠢᠩᠭᠤ ᠶᠢᠨ ᠭᠡᠰᠢᠭᠦᠳ ᠲᠤ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠣᠶᠢᠯᠠᠭᠠᠶ᠎ᠠ︾ ᠭᠡᠬᠦ ᠰᠡᠳᠦᠪ | ᠢᠶᠠᠷ ᠲᠤᠰᠬᠠᠢ ᠰᠡᠳᠦᠪᠲᠦ ᠨᠠᠮ ᠤᠨ ᠬᠢᠴᠢᠶᠡᠯ ᠣᠷᠣᠪᠠ᠃ | ᠬᠤᠷᠠᠯ ᠠᠴᠠ ︽ᠬᠤᠳᠠᠯᠳᠤᠭ᠎ᠠ ᠡᠷᠬᠢᠯᠡᠬᠦ ᠤᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡᠳᠦ ᠬᠦᠴᠦᠨ ᠨᠡᠮᠡᠷᠢᠯᠡᠶ᠎ᠡ︾ ᠭᠡᠰᠡᠨ ᠵᠥᠪᠯᠡᠬᠦ ᠰᠡᠳᠦᠪ ᠤᠨ | ᠲᠣᠭᠤᠷᠢᠨ ᠳᠤ ᠵᠥᠪᠳᠡᠯᠴᠡᠨ ᠶᠠᠷᠢᠯᠴᠠᠵᠤ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ | ᠬᠤᠰᠢᠭᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠰᠠᠯᠠᠭ᠎ᠠ ᠮᠥᠴᠢᠷ ᠤᠨ ᠪᠣᠳᠠᠲᠠᠢ ᠲᠠᠢ ᠪᠠᠨ | ᠤᠶᠠᠯᠳᠤᠭᠤᠯᠤᠨ ᠲᠣᠰ ᠲᠣᠰ ᠲᠤᠰᠬᠠᠢ ᠰᠡᠳᠦᠪᠲᠦ ᠶᠠᠷᠢᠶ᠎ᠠ ᠲᠠᠯᠪᠢᠪᠠ᠃ | ᠬᠤᠷᠠᠯ ᠠᠴᠠ ᠵᠢᠭᠠᠬᠤ ᠳᠠᠭᠠᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠣᠯ | ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠭᠠᠷᠭᠠᠭᠰᠠᠨ ᠪᠡᠯᠡ ᠣᠷᠣᠭᠤᠯᠤᠯᠲᠠ ᠶᠢ | ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠭᠦᠢᠯᠭᠡᠭᠡ ᠶᠢ | ᠲᠣᠭᠲᠠᠪᠤᠷᠢᠵᠢᠭᠤᠯᠬᠤ᠂ ᠨᠡᠮᠡᠭᠳᠡᠯ ᠢ ᠲᠣᠭᠲᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠠᠵᠤ | ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠪᠠᠲᠤᠯᠠᠭ᠎ᠠ᠂ ᠵᠠᠬ᠎ᠠ ᠳᠡᠯᠭᠡᠭᠦᠷ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ᠂ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠶᠢ | ᠡᠭᠦᠳᠬᠦ ᠳᠤ ᠡᠷᠬᠡᠪᠰᠢ ᠪᠦᠷᠢᠯᠳᠦᠭᠦᠯᠬᠦ ᠨᠥᠬᠦᠴᠡᠯ ᠮᠥᠨ᠃ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠨᠢ ᠠᠵᠤ | ᠠᠬᠤᠶᠢᠯᠠᠯ ᠤᠨ ᠬᠥᠭᠵᠢᠯᠲᠡ ᠲᠠᠢ ᠬᠤᠯᠪᠣᠭᠳᠠᠬᠤ ᠪᠠᠷ ᠪᠠᠷᠠᠬᠤ ᠦᠭᠡᠢ᠂ ᠪᠦᠬᠦ᠋ᠢᠯᠡ ᠭᠠᠵᠠᠷ ᠣᠷᠣᠨ ᠤ ᠰᠠᠶᠢᠨ | ᠰᠠᠶᠢᠬᠠᠨ ᠢᠷᠡᠭᠡᠳᠦᠢ ᠲᠠᠢ ᠴᠦ ᠬᠤᠯᠪᠣᠭᠳᠠᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ | ᠲᠠᠨᠢᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠡᠭᠡ | ᠲᠠᠯ᠎ᠠ ᠪᠠ ᠥᠨᠳᠥᠷᠴᠡ ᠠᠴᠠ ᠡᠭᠦᠰᠴᠦ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ | ᠠᠶᠢᠮᠠᠭ ᠤᠨ ᠨᠠᠮ ᠤᠨ ᠬᠤᠷᠢᠶ᠎ᠠ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠳᠠᠯᠳᠤᠭ᠎ᠠ | ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ | ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠠᠯᠠᠭ᠎ᠠ ᠮᠥᠴᠢᠷ ᠤᠨ ᠵᠣᠬᠢᠴᠠᠭᠤᠯᠬᠤ ᠲᠣᠭᠲᠠᠴᠠ ᠶᠢ | ᠪᠠᠶᠢᠭᠤᠯᠤᠨ᠂ ᠬᠠᠷᠢᠭᠤᠴᠠᠯᠭ᠎ᠠ ᠶᠢᠨ ᠳᠦᠷᠢᠮ ᠢ ᠲᠡᠭᠦᠯᠳᠡᠷᠵᠢᠭᠦᠯᠵᠦ᠂ ᠥᠭᠡᠷᠡᠴᠢᠯᠡᠯᠲᠡ ᠪᠠ ᠲᠥᠷᠥ ᠶᠢᠨ ᠪᠣᠳᠣᠯᠭ᠎ᠠ | ᠶᠢᠨ ᠠᠵᠠ ᠲᠣᠬᠢᠶᠠᠯ ᠢ ᠰᠠᠶᠢᠲᠤᠷ ᠡᠵᠡᠮᠳᠡᠨ᠂ ᠡᠯ᠎ᠡ ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠪᠠ | ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠦᠷᠢᠵᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠠᠶᠢᠩᠭᠤ ᠶᠢᠨ ᠭᠡᠰᠢᠭᠦᠳ ᠰᠢ ᠶᠢᠨ ᠫᠢᠩ ᠤᠨ ᠰᠢᠨ᠎ᠡ ᠴᠠᠭ ᠦᠶ᠎ᠡ | ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠤᠷᠤᠯᠴᠠᠯᠭ᠎ᠠ ᠪᠠᠨ ᠤᠯᠠᠮ ᠴᠢᠩᠭᠠᠳᠬᠠᠵᠤ᠂ ᠥᠪᠡᠷᠰᠡᠳ ᠤᠨ | ᠤᠨᠤᠯ ᠤᠨ ᠲᠦᠪᠰᠢᠨ᠂ ᠲᠦᠷᠦ ᠶᠢᠨ ᠪᠣᠳᠣᠯᠭ᠎ᠠ ᠶᠢᠨ ᠲᠦᠪᠰᠢᠨ ᠪᠣᠯᠣᠨ ᠮᠡᠳᠡᠯᠭᠡ ᠶᠢᠨ ᠲᠦᠪᠰᠢᠨ ᠢᠶᠠᠨ ᠴᠢᠷᠮᠠᠶᠢᠨ | ᠳᠡᠭᠡᠭᠰᠢᠯᠡᠭᠦᠯᠵᠦ᠂ ᠥᠪᠡᠷ ᠢ ᠪᠠᠨ ᠨᠡᠯᠢᠶᠡᠳ ᠥᠨᠳᠥᠷ ᠤᠨᠤᠯ ᠤᠨ ᠪᠣᠯᠪᠠᠰᠤᠷᠠᠯ ᠪᠣᠯᠣᠨ ᠵᠠᠰᠠᠭ ᠤᠨ ᠶᠠᠪᠤᠳᠠᠯ ᠳᠤ | ᠣᠷᠣᠯᠴᠠᠨ ᠲᠦᠷᠦ ᠶᠢᠨ ᠶᠠᠪᠤᠳᠠᠯ ᠢ ᠵᠥᠪᠯᠡᠬᠦ ᠲᠦᠪᠰᠢᠨ ᠲᠠᠢ ᠪᠣᠯᠭᠠᠬᠤ ᠬᠡᠷᠡᠭᠲᠡᠢ︔ ᠬᠠᠷᠢᠭᠤᠴᠠᠯᠭ᠎ᠠ ᠶᠢᠨ | ᠤᠬᠠᠮᠰᠠᠷ ᠢ ᠤᠯᠠᠮ ᠨᠢᠭᠡ ᠠᠯᠬᠤᠮ ᠪᠣᠶ ᠪᠣᠯᠭᠠᠵᠤ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠰᠠᠶᠢᠲᠤᠷ ᠬᠢᠬᠦ | ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠨ᠂ ᠭᠤᠣᠯ ᠴᠣᠭᠴᠠ ᠶᠢᠨ ᠦᠢᠯᠡᠳᠦᠯ | ᠢᠶᠠᠨ ᠭᠦᠢᠴᠡᠳ ᠪᠠᠳᠠᠷᠠᠭᠤᠯᠵᠤ᠂ ᠦᠷᠭᠦᠯᠵᠢ ᠦᠨᠳᠦᠰᠦᠨ ᠱᠠᠲᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ | ᠬᠢᠵᠦ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ᠂ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ | ᠪᠠ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠮᠡᠳᠡᠭᠡ ᠵᠠᠩᠭᠢ ᠵᠡᠷᠭᠡ ᠬᠡᠯᠪᠡᠷᠢ ᠶᠢ ᠭᠦᠢᠴᠡᠳ ᠬᠡᠷᠡᠭᠯᠡᠨ᠂ | ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠳᠤ ᠰᠠᠨᠠᠯ ᠳᠤᠷᠠᠳᠤᠯᠭ᠎ᠠ ᠳᠤᠷᠠᠳᠤᠨ ᠠᠷᠭ᠎ᠠ ᠤᠬᠠᠭᠠᠨ | ᠭᠠᠷᠭᠠᠬᠤ ᠬᠡᠷᠡᠭᠲᠡᠢ︔ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ ᠤ ᠳᠠᠭᠠᠭᠤᠯᠤᠭᠴᠢ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠭᠤᠣᠯ ᠠᠵᠢᠯ ᠳᠤ ᠣᠷᠣᠯᠴᠠᠬᠤ ᠶᠢ ᠢᠳᠡᠪᠬᠢᠲᠡᠢ | ᠠᠩᠬᠠᠷᠴᠤ᠂ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠪᠠᠶᠢᠴᠠᠭᠠᠨ ᠰᠤᠳᠤᠯᠤᠭᠴᠢ᠂ ᠠᠷᠠᠳ ᠢ | ᠪᠠᠶᠠᠵᠢᠭᠤᠯᠤᠨ ᠬᠤᠰᠢᠭᠤ ᠶᠢ ᠬᠦᠴᠦᠷᠬᠡᠭᠵᠢᠭᠦᠯᠬᠦ ᠰᠠᠶᠢᠨ ᠦᠢᠯᠡᠴᠢᠯᠡᠭᠴᠢ᠂ ᠲᠥᠷᠥ ᠶᠢᠨ ᠪᠣᠳᠣᠯᠭ᠎ᠠ ᠬᠠᠤᠯᠢ | ᠲᠣᠭᠲᠠᠭᠠᠯ ᠤᠨ ᠤᠬᠠᠭᠤᠯᠤᠭᠴᠢ ᠪᠣᠯᠬᠤ ᠪᠠᠷ ᠴᠢᠷᠮᠠᠶᠢᠵᠤ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ︽ᠰᠠᠶᠢᠨ ᠵᠥᠪᠯᠡᠭᠴᠢ᠂ ᠰᠠᠶᠢᠨ ᠬᠠᠪᠰᠤᠷᠤᠭᠴᠢ︾ ᠪᠣᠯᠵᠤ᠂ ᠤᠯᠤᠰ ᠲᠥᠷᠥ ᠶᠢᠨ ᠵᠥᠪᠯᠡᠯᠭᠡᠨ ᠤ ᠡᠭᠦᠷᠭᠡ | ᠲᠤᠰᠢᠶᠠᠯ ᠢᠶᠠᠨ ᠴᠢᠨᠠᠷ ᠰᠠᠶᠢᠲᠠᠢ ᠭᠦᠢᠴᠡᠳᠭᠡᠵᠤ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠬᠡᠷᠡᠭᠲᠡᠢ ᠭᠡᠪᠡ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠳ᠂ ᠬᠥᠭᠵᠢᠭᠦᠯᠦᠯᠲᠡ ᠥᠭᠡᠷᠡᠴᠢᠯᠡᠯᠲᠡ | ᠶᠢᠨ ᠵᠥᠪᠯᠡᠯ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ | |