10 ᠰᠠᠷ᠎ᠠ ᠶᠢᠨ 31 ᠤ ᠡᠳᠦᠷ᠂ ᠬᠤᠰᠢᠭᠤ ᠨᠠᠮ ᠤᠨ ᠬᠤᠷᠢᠶᠠᠨ ᠤ ᠣᠨᠤᠯ ᠤᠨ ᠰᠤᠷᠤᠯᠴᠠᠯᠭ᠎ᠠ ᠶᠢᠨ | ᠭᠤᠣᠯᠯᠠᠬᠤ ᠳᠤᠭᠤᠶᠢᠯᠠᠩ 2023 ᠣᠨ ᠤ 14 ᠳ᠋ᠤᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ | ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠬᠢᠯᠡᠵᠡᠢ᠃ | ᠬᠤᠰᠢᠭᠤ ᠨᠠᠮ ᠤᠨ ᠬᠤᠷᠢᠶᠠᠨ ᠤ ᠣᠨᠤᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ | ᠭᠡᠰᠢᠭᠦᠳ ᠬᠤᠷᠠᠯ ᠳᠤ ᠣᠷᠤᠯᠴᠠᠨ᠂ ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠠᠵᠢᠯ ᠤᠨ | ᠳᠤᠭᠤᠶᠢᠯᠠᠩ ᠤᠨ ᠭᠡᠰᠢᠭᠦᠨ ᠪᠥᠬᠦ ᠶᠠᠪᠤᠴᠠ ᠳᠤ ᠬᠤᠷᠠᠯ ᠳᠤ ᠣᠷᠤᠯᠴᠠᠪᠠ᠃ | ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠡᠯᠡᠰᠦᠷᠬᠡᠭᠵᠢᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠶᠢ | ᠴᠢᠩᠭᠠᠳᠬᠠᠬᠤ ᠪᠠ ︽ᠤᠮᠠᠷᠠᠲᠤ ᠶᠢᠨ ᠭᠤᠷᠪᠠᠨ ᠣᠷᠣᠨ︾ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ | ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠬᠠᠢ ᠶᠠᠷᠢᠯᠴᠠᠬᠤ ᠬᠤᠷᠠᠯ︾ ︽ᠰᠢ ᠶᠢᠨ ᠫᠢᠩ ᠶᠡᠷᠦᠩᠬᠡᠢ | ᠱᠦᠵᠢ ᠶᠢᠨ ᠬᠤᠷᠢᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ | ᠤᠯᠤᠰ ᠲᠦᠷᠦ ᠶᠢᠨ ᠲᠣᠪᠴᠢᠶᠠᠨ ᠤ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ | ᠶᠠᠷᠢᠶ᠎ᠠ︾᠂ ︽ᠰᠢ ᠶᠢᠨ ᠫᠢᠩ ᠶᠡᠷᠦᠩᠬᠡᠢ ᠱᠦᠵᠢ ᠶᠢᠨ ᠰᠢᠨ᠎ᠡ ᠴᠠᠭ ᠦᠶ᠎ᠡ ᠳᠤ ᠵᠡᠭᠦᠨ ᠬᠤᠶᠢᠲᠤ ᠣᠷᠣᠨ ᠢ ᠪᠦᠬᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ︾ ︽ᠴᠢᠨᠠᠷ | ᠰᠠᠶᠢᠲᠠᠢ ᠬᠥᠭᠵᠢᠯᠲᠡ ᠪᠠᠷ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠬᠦᠴᠦᠯᠡᠨ ᠠᠬᠢᠭᠤᠯᠤᠶ᠎ᠠ︱ | ᠰᠢ ᠶᠢᠨ ᠫᠢᠩ ᠶᠡᠷᠦᠩᠬᠡᠢ ᠱᠦᠵᠢ ᠶᠢᠨ ᠵᠢᠶᠠᠩᠰᠤ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶ᠎ᠠ︾ | ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠪᠠ᠃ ᠳᠠᠷᠠᠭ᠎ᠠ ᠨᠢ᠂ ᠬᠤᠰᠢᠭᠤ ᠨᠠᠮ ᠤᠨ ᠬᠤᠷᠢᠶᠠᠨ ᠤ ᠣᠨᠣᠯ ᠤᠨ | ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠳ ᠠᠴᠠ ᠵᠧᠵᠢᠶᠠᠩ ᠤᠨ ︽ᠮᠢᠩᠭᠠᠨ ᠲᠣᠰᠬᠤᠨ | ᠵᠢᠱᠢᠶ᠎ᠡ ᠦᠵᠡᠭᠦᠯᠵᠦ᠂ ᠲᠦᠮᠡᠨ ᠲᠣᠰᠬᠤᠨ ᠢ ᠴᠡᠭᠴᠡᠯᠡᠨ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠭᠦᠨᠵᠡᠭᠡᠢ | ᠰᠤᠷᠤᠯᠴᠠᠬᠤ ᠶᠢᠨ ᠲᠣᠭᠤᠷᠢᠨ ᠳᠤ᠂ ᠵᠥᠪ ᠣᠨᠣᠪᠴᠢᠲᠠᠢ ᠠᠵᠢᠯ ᠤᠨ ᠠᠮᠵᠢᠯᠲᠠ ᠶᠢᠨ ᠦᠵᠡᠯᠲᠡ ᠶᠢ ᠪᠤᠢ ᠪᠣᠯᠭᠠᠬᠤ | ᠪᠠ ᠦᠢᠯᠡᠳᠦᠯᠭᠡᠵᠢᠭᠦᠯᠬᠦ ᠲᠤᠬᠠᠢ ᠰᠤᠳᠤᠯᠤᠨ ᠶᠠᠷᠢᠯᠴᠠᠬᠤ ᠶᠠᠷᠢᠶ᠎ᠠ ᠦᠷᠨᠢᠭᠦᠯᠪᠡ᠃ | ᠠᠶᠢᠮᠠᠭ ᠤᠨ ᠨᠠᠮ ᠤᠨ ᠬᠤᠷᠢᠶᠠᠨ ᠤ ᠲᠣᠭᠤᠷᠢᠨ ᠰᠣᠨᠣᠰᠬᠤ ᠠᠵᠢᠯ ᠤᠨ ᠳᠤᠭᠤᠶᠢᠯᠠᠩ ᠤᠨ ᠳᠠᠷᠤᠭ᠎ᠠ᠂ | ᠠᠶᠢᠮᠠᠭ ᠤᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ᠂ ᠪᠣᠯᠪᠠᠰᠤᠨ ᠤ ᠪᠠᠶᠢᠭᠤᠯᠤᠯᠲᠠ ᠶᠢᠨ | ᠠᠯᠪᠠᠨ ᠭᠡᠷ ᠤᠨ ᠡᠷᠬᠢᠯᠡᠭᠴᠢ ᠫᠧᠩ ᠱᠣᠸ ᠹᠧᠨ ᠬᠤᠰᠢᠭᠤ ᠨᠠᠮ ᠤᠨ ᠬᠤᠷᠢᠶᠠᠨ ᠤ ᠣᠨᠤᠯ ᠤᠨ ᠰᠤᠷᠤᠯᠴᠠᠯᠭ᠎ᠠ ᠶᠢᠨ | ᠭᠤᠣᠯᠯᠠᠬᠤ ᠳᠤᠭᠤᠶᠢᠯᠠᠩ ᠤᠨ ᠬᠠᠮᠲᠦ ᠶᠢᠨ ᠰᠤᠷᠤᠯᠴᠠᠯᠭ᠎ᠠ ᠶᠢ ᠭᠦᠢᠴᠡᠳ ᠨᠤᠲᠠᠯᠠᠬᠤ ᠶᠢᠨ ᠬᠠᠮᠲᠤ ᠦᠨᠡᠯᠡᠯᠲᠡ | ᠬᠢᠵᠦ ᠵᠢᠭᠠᠨ ᠵᠢᠯᠤᠭᠤᠳᠪᠠ᠃ | ᠬᠢᠩᠭᠠᠨ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ ᠴᠢᠬᠤᠯᠠᠴᠢᠯᠠᠬᠤ ᠳᠠᠭᠠᠨ᠂ ᠭᠤᠣᠯ ᠰᠡᠳᠦᠪᠲᠦ | ᠬᠥᠮᠦᠵᠢᠯ ᠢ ᠥᠷᠨᠢᠭᠦᠯᠬᠦ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ | ᠨᠠᠶᠢᠳᠠᠪᠦᠷᠢᠵᠢᠭᠤᠯᠵᠤ᠂ ᠪᠦᠬᠦ ᠨᠠᠮ ᠢ ᠪᠦᠯᠬᠦᠮᠳᠡᠭᠦᠯᠦᠨ ᠰᠡᠳᠬᠢᠯ ᠢ ᠨᠢᠭᠲᠠᠷᠠᠭᠤᠯᠵᠤ᠂ ᠬᠦᠴᠦᠨ ᠢ ᠨᠢᠭᠲᠠᠷᠠᠭᠤᠯᠤᠨ | ᠰᠢᠨ᠎ᠡ ᠴᠠᠭ ᠦᠶ᠎ᠡ ᠶᠢᠨ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠢᠬᠤᠯᠠ ᠠᠷᠭ᠎ᠠ ᠬᠡᠮᠵᠢᠶ᠎ᠡ ᠮᠥᠨ᠂ ᠨᠡᠩ | ᠥᠨᠳᠥᠷ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭᠠᠨ ᠤ | ᠤᠬᠠᠮᠰᠠᠷ ᠢᠶᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠳᠡᠭᠡᠷ᠎ᠡ ᠦᠨᠡᠨᠬᠦ ᠨᠢᠭᠡᠳᠬᠡᠬᠦ ᠬᠡᠷᠡᠭᠲᠡᠢ᠃ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ︽ᠬᠤᠶᠠᠷ ᠢ | ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠴᠢᠬᠤᠯᠠ ᠠᠷᠭ᠎ᠠ | ᠬᠡᠮᠵᠢᠶ᠎ᠡ ᠪᠣᠯᠭᠠᠵᠤ᠂ ᠥᠨᠳᠥᠷ ᠪᠠᠷᠢᠮᠵᠢᠶ᠎ᠠ ᠪᠠᠷ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠭᠤᠣᠯ ᠰᠡᠳᠦᠪᠲᠦ | ᠬᠥᠮᠦᠵᠢᠯ ᠤᠨ ᠡᠯ᠎ᠡ ᠵᠦᠢᠯ ᠤᠨ ᠰᠤᠷᠤᠯᠴᠠᠯᠭ᠎ᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠂ ᠬᠠᠷᠠᠯᠲᠠ | ᠱᠠᠭᠠᠷᠳᠠᠯᠭ᠎ᠠ ᠶᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ ᠶᠢ ᠪᠣᠳᠠᠲᠠᠢ ᠠᠳᠬᠤᠵᠤ᠂ | ᠦᠵᠡᠯ ᠰᠠᠨᠠᠭ᠎ᠠ ᠶᠢ ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠨ᠂ ᠦᠢᠯᠡᠳᠦᠯᠭᠡ ᠶᠢ ᠴᠢᠬᠤᠯᠠᠴᠢᠯᠠᠵᠤ᠂ ᠰᠢᠨ᠎ᠡ | ᠭᠠᠪᠢᠶ᠎ᠠ ᠪᠠᠶᠢᠭᠤᠯᠬᠤ ᠶᠡᠷᠦᠩᠬᠡᠢ ᠱᠠᠭᠠᠷᠳᠠᠯᠭ᠎ᠠ ᠶᠣᠰᠣᠭᠠᠷ᠂ ᠤᠨᠤᠯ ᠤᠨ ᠰᠤᠷᠤᠯᠴᠠᠯᠭ᠎ᠠ ᠶᠢ ᠦᠷᠭᠦᠯᠵᠢᠯᠡᠨ ᠰᠠᠶᠢᠲᠤᠷ | ᠠᠳᠬᠤᠵᠤ᠂ ᠭᠦᠨᠵᠡᠭᠡᠢ ᠰᠤᠷᠤᠯᠴᠠᠵᠤ ᠨᠠᠷᠢᠨ ᠣᠶᠢᠯᠠᠭᠠᠨ᠂ ᠰᠤᠷᠤᠯᠴᠠᠪᠠᠯ ᠣᠯᠣᠯᠲᠠ ᠲᠠᠢ ᠪᠠᠶᠢᠬᠤ ᠶᠢ | ᠴᠢᠬᠤᠯᠠᠴᠢᠯᠠᠬᠤ ᠬᠡᠷᠡᠭᠲᠡᠢ᠃ ᠭᠤᠣᠯ ᠰᠡᠳᠦᠪᠲᠦ ᠬᠥᠮᠦᠵᠢᠯ ᠶᠣᠰᠣᠭᠠᠷ ᠴᠠᠭ ᠢᠮᠠᠭᠲᠠ ᠰᠤᠷᠤᠯᠴᠠᠯᠭ᠎ᠠ ᠪᠠᠷ ᠤᠶᠤᠨ | ᠤᠬᠠᠭᠠᠨ ᠢᠶᠠᠨ ᠨᠡᠡᠮᠡᠭᠳᠡᠭᠦᠯᠦᠨ᠂ ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠵᠤ᠂ ᠰᠤᠷᠤᠯᠴᠠᠯᠭ᠎ᠠ ᠪᠠᠷ | ᠠᠵᠢᠯᠯᠠᠬᠤ ᠶᠢ ᠠᠬᠢᠭᠤᠯᠬᠤ ᠬᠠᠷᠠᠯᠲᠠ ᠡᠭᠦᠷᠭᠡ ᠶᠢ ᠭᠦᠢᠴᠡᠳᠬᠡᠵᠦ᠂ ᠰᠢᠨᠵᠢᠯᠡᠬᠦ ᠤᠬᠠᠭᠠᠨᠴᠢ ᠤᠨᠤᠯ ᠢᠶᠠᠷ ᠲᠠᠷᠢᠬᠢ | ᠲᠣᠯᠣᠭᠠᠢ ᠪᠠᠨ ᠵᠡᠪᠰᠡᠭᠯᠡᠨ ᠦᠢᠯᠡᠳᠦᠯᠭᠡ ᠪᠠᠨ ᠵᠢᠯᠤᠭᠤᠳᠴᠤ᠂ ᠠᠵᠢᠯ ᠢᠶᠠᠨ ᠠᠬᠢᠭᠤᠯᠬᠤ ᠶᠢ ᠪᠠᠷᠢᠮᠲᠠᠯᠠᠬᠤ ᠬᠡᠷᠡᠭᠲᠡᠢ | ᠭᠡᠰᠡᠨ ᠪᠠᠶᠢᠨ᠎ᠠ᠃ |