ᠣᠶᠢᠷ᠎ᠠ ᠳᠤ᠂ ᠬᠠᠩ ᠲᠢᠶᠠᠨ ᠰᠠᠨ ᠴᠤᠸᠠᠩ ᠵᠡᠭᠦᠨ ᠦᠵᠦᠮᠦᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ | ᠪᠥᠬᠦ ᠬᠤᠰᠢᠭᠤᠨ ᠤ ᠬᠡᠪᠴᠢᠶᠡᠨ ᠳᠤ ᠡᠪᠦᠯ ᠠᠴᠠ ᠡᠮᠦᠨᠡᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ | ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠦᠷᠨᠢᠭᠦᠯᠦᠭᠰᠡᠨ ᠪᠠᠶᠢᠨ᠎ᠠ᠃ | ᠬᠤᠰᠢᠭᠤᠨ ᠲᠦᠪ ᠤᠯᠢᠶᠠᠰᠤᠲᠠᠢ ᠪᠠᠯᠭᠠᠰᠤ ᠶᠢᠨ ᠵᠡᠭᠡᠯᠢ ᠭᠤᠳᠣᠮᠵᠢ ᠪᠠᠷ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠲᠠᠳ ᠬᠤᠭ ᠨᠣᠪᠰᠢ᠂ ᠬᠠᠶᠠᠭᠳᠠᠮᠠᠯ ᠪᠤᠳᠠᠰ᠂ ᠬᠤᠪᠠᠭ᠋ᠠᠢ ᠰᠠᠯᠠᠭ᠎ᠠ ᠮᠥᠴᠢᠷ ᠮᠣᠳᠣᠨ ᠨᠠᠪᠴᠢ | ᠵᠡᠷᠭᠡ ᠶᠢ ᠴᠡᠪᠡᠷᠯᠡᠨ ᠲᠡᠭᠡᠭᠡᠪᠤᠷᠢᠯᠡᠵᠦ ᠶᠠᠭᠠᠷᠠᠨ᠎ᠠ᠃ ᠣᠶᠢᠯᠠᠭᠠᠭᠰᠠᠨ ᠢᠶᠠᠷ᠂ ᠵᠢᠯ ᠪᠦᠷᠢ ᠶᠢᠨ 10 ᠳ᠋ᠤᠭᠠᠷ ᠰᠠᠷ᠎ᠠ | ᠠᠴᠠ 11 ᠳ᠋ᠦ᠋ᠭᠡᠷ ᠰᠠᠷ᠎ᠠ ᠪᠣᠯᠲᠠᠯᠠᠬᠢ ᠨᠢᠭᠡ ᠰᠠᠷ᠎ᠠ ᠶᠢᠨ ᠬᠤᠭᠤᠴᠠᠭ᠎ᠠ ᠪᠤᠯ ᠣᠷᠴᠢᠨ ᠲᠣᠭᠤᠷᠢᠨ ᠤ ᠠᠷᠢᠭᠤᠨ | ᠴᠡᠪᠡᠷ ᠤᠨ ᠠᠵᠢᠯᠲᠠᠳ ᠬᠦᠴᠦ ᠪᠠᠨ ᠲᠥᠪᠯᠡᠷᠡᠭᠦᠯᠦᠨ ᠣᠷᠴᠢᠨ ᠲᠣᠭᠤᠷᠢᠨ ᠢ ᠴᠡᠪᠡᠷᠯᠡᠬᠦ ᠵᠠᠩᠭᠢᠯᠭ᠎ᠠ ᠶᠢᠨ | ᠬᠤᠭᠤᠴᠠᠭ᠎ᠠ᠂ ᠮᠦᠨᠴᠦ ᠡᠨᠡ ᠬᠦ ᠬᠤᠭᠤᠴᠠᠭ᠎ᠠ ᠪᠤᠯ ᠲᠡᠳᠡᠨ ᠤ ᠨᠢᠭᠡ ᠵᠢᠯ ᠳᠠᠬᠢ ᠬᠠᠮᠤᠭ ᠤᠨ ᠶᠠᠭᠠᠷᠠᠯᠲᠠᠢ ᠦᠶ᠎ᠡ | ᠪᠤᠯᠣᠨ᠎ᠠ᠃ | 10 ᠰᠠᠷ᠎ᠠ ᠶᠢᠨ 31 ᠤ ᠣᠷᠣᠢ᠂ ᠮᠠᠨ ᠤ ᠬᠤᠰᠢᠭᠤᠨ ᠳᠤ ᠶᠡᠭᠡ ᠬᠡᠪᠴᠢᠶᠡᠨ ᠤ ᠴᠠᠰᠤ ᠣᠷᠤᠵᠤ᠂ ᠲᠤᠰ | ᠤᠳᠠᠭᠠᠨ ᠤ ᠴᠠᠰᠤ ᠤᠷᠤᠭᠰᠠᠨ ᠪᠠᠶᠢᠳᠠᠯ ᠳᠤ ᠴᠢᠭᠯᠡᠭᠦᠯᠦᠨ᠂ ᠬᠠᠩ ᠲᠢᠶᠠᠨ ᠰᠠᠨ ᠴᠤᠸᠠᠩ ᠬᠤᠪᠢᠶᠠᠷᠢ ᠺᠣᠮᠫᠠᠨᠢ | ᠶᠢᠨ ᠬᠢᠨ ᠮᠠᠰᠢᠨ ᠢᠶᠠᠷ ᠴᠠᠰᠤ ᠠᠷᠢᠯᠭᠠᠬᠤ ᠪᠠᠷ ᠭᠤᠤᠯ ᠪᠣᠯᠭᠠᠵᠤ᠂ ᠬᠥᠮᠦᠨ ᠤ ᠬᠦᠴᠦ ᠪᠠᠷ ᠴᠠᠰᠤ ᠠᠷᠢᠯᠭᠠᠬᠤ ᠪᠠᠷ | ᠬᠠᠪᠰᠤᠷᠤᠮᠵᠢ ᠪᠣᠯᠭᠠᠨ᠂ ᠭᠤᠣᠯ ᠪᠤᠯᠬᠤ ᠵᠠᠮ ᠱᠤᠭᠤᠮ᠂ ᠡᠮᠨᠡᠯᠭᠡ ᠶᠢᠨ ᠬᠤᠷᠢᠶ᠎ᠠ᠂ ᠰᠤᠷᠭᠠᠭᠤᠯᠢ ᠵᠡᠷᠭᠡ | ᠭᠤᠣᠯᠳᠠᠯᠭ᠎ᠠ ᠲᠠᠢ ᠣᠷᠣᠨ ᠪᠦᠰᠡ ᠳᠤ ᠴᠠᠰᠤ ᠠᠷᠢᠯᠭᠠᠬᠤ ᠠᠵᠢᠯ ᠥᠷᠨᠢᠭᠦᠯᠵᠦ᠂ ᠬᠤᠷᠠᠭᠰᠠᠨ ᠴᠠᠰᠤ ᠶᠢ | ᠬᠠᠮᠤᠭ ᠤᠨ ᠲᠦᠷᠭᠡᠨ ᠬᠤᠷᠳᠤᠴᠠ ᠪᠠᠷ ᠴᠡᠪᠡᠷᠯᠡᠵᠦ᠂ ᠰᠠᠭᠤᠭᠠᠯᠢ ᠠᠷᠠᠳ ᠤᠨ ᠶᠠᠪᠤᠵᠦ ᠰᠠᠭᠤᠬᠤ ᠳᠤ ᠲᠦᠭᠦᠮ | ᠦᠵᠡᠭᠦᠯᠦᠭᠰᠡᠨ ᠪᠠᠶᠢᠨ᠎ᠠ᠃ | ᠬᠡᠳᠣᠶᠢᠪᠡᠷ ᠲᠡᠭᠷᠢ ᠬᠦᠢᠲᠡᠷᠡᠵᠦ ᠪᠠᠶᠢᠭ᠎ᠠ ᠪᠣᠯᠪᠠᠴᠤ ᠣᠷᠴᠢᠨ ᠲᠣᠭᠤᠷᠢᠨ ᠤ ᠠᠷᠢᠭᠤᠨ ᠴᠡᠪᠡᠷ ᠤᠨ | ᠠᠵᠢᠯᠲᠠᠳ ᠤᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠮᠠᠭᠠᠯᠠᠬᠤ ᠤᠷᠮ᠎ᠠ ᠵᠤᠷᠢᠭ ᠪᠠ ᠬᠠᠷᠢᠭᠤᠴᠠᠯᠭᠠᠲᠤ | ᠰᠡᠳᠬᠢᠯᠭᠡ ᠪᠠᠭᠤᠷᠠᠭᠰᠠᠨ ᠥᠬᠡᠶ ᠶᠤᠮ᠂ ᠲᠠᠳᠠ ᠪᠣᠳᠠᠲᠤ ᠦᠢᠯᠡ ᠠᠵᠢᠯᠯᠠᠭ᠎ᠠ ᠪᠠᠷ ᠢᠶᠠᠨ ᠣᠷᠴᠢᠨ ᠲᠣᠭᠤᠷᠢᠨ ᠤ | ᠠᠷᠢᠭᠤᠨ ᠴᠡᠪᠡᠷ ᠤᠨ ᠠᠵᠢᠯᠲᠠᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠭᠡᠷ ᠪᠠᠶᠢᠭ᠎ᠠ ᠪᠢᠯᠡ᠃ | |