ᠰᠢᠨ᠎ᠡ ᠬᠡᠯᠪᠡᠷᠢ ᠶᠢᠨ ᠠᠵᠢᠯ ᠦᠢᠯᠡᠰ ᠤᠨ ᠠᠵᠢᠯᠲᠠᠨ ᠢ ᠤᠯᠠᠮ ᠨᠢᠭᠡ ᠠᠯᠬᠤᠮ ᠬᠠᠯᠠᠮᠵᠢᠯᠠᠬᠤ ᠶᠢᠨ | ᠲᠥᠯᠦᠭᠡ᠂ ᠬᠤᠰᠢᠭᠤ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ ᠪᠣᠯᠣᠨ | ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠠᠵᠢᠯᠯᠠᠬᠤ ᠬᠤᠷᠢᠶ᠎ᠠ ᠠᠴᠠ ᠭᠤᠣᠯᠯᠠᠨ ᠡᠷᠬᠢᠯᠡᠵᠦ᠂ | ᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠳᠠᠭᠠᠭᠠᠴᠢᠯᠠᠨ ᠡᠷᠭᠢᠯᠡᠭᠰᠡᠨ ︽ | ᠰᠢᠨ᠎ᠡ ᠬᠡᠯᠪᠡᠷᠢ ᠶᠢᠨ ᠠᠵᠢᠯ ᠦᠢᠯᠡᠰ ᠤᠨ ᠠᠵᠢᠯᠲᠠᠨ︾ ᠢ ᠬᠠᠯᠠᠮᠵᠢᠯᠠᠬᠤ ᠬᠠᠶᠢᠷ᠎ᠠ ᠬᠠᠯᠠᠮᠵᠢ ᠶᠢᠨ ᠠᠵᠢᠯᠯᠠᠭ᠎ᠠ11 | ᠰᠠᠷ᠎ᠠ ᠶᠢᠨ 1 ᠤ ᠡᠳᠦᠷ ᠤᠯᠢᠶᠠᠰᠤᠲᠠᠢ ᠪᠠᠯᠭᠠᠰᠤ ᠶᠢᠨ ᠮᠠᠨᠳᠤᠬᠤ ᠨᠡᠶᠢᠭᠡᠮ ᠲᠣᠭᠤᠷᠢᠭ ᠲᠤ ᠶᠠᠪᠤᠭᠳᠠᠪᠠ᠃ | ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠳᠠᠨ᠂ ᠨᠡᠶᠢᠭᠡᠮ ᠲᠣᠭᠤᠷᠢᠭ ᠤᠨ | ᠺᠠᠳ᠋ᠷ ᠠᠵᠢᠯᠲᠠᠨ ᠪᠣᠯᠣᠨ ᠪᠥᠬᠦ ᠬᠤᠰᠢᠭᠤᠨ ᠤ ᠰᠢᠨ᠎ᠡ ᠬᠡᠯᠪᠡᠷᠢ ᠠᠵᠢᠯ ᠦᠢᠯᠡᠰ ᠤᠨ ᠠᠵᠢᠯᠲᠠᠨ ᠤ ᠲᠥᠯᠥᠭᠡᠯᠡᠭᠴᠢ | ᠨᠡᠶᠢᠲᠡ 30 ᠭᠠᠷᠤᠢ ᠬᠥᠮᠥᠨ ᠠᠵᠢᠯᠯᠠᠭ᠎ᠠ ᠳᠤ ᠣᠷᠣᠯᠴᠠᠵᠠᠢ᠃ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ 9 ᠭᠡᠷ ᠪᠥᠯᠢ ᠳᠤ ︽ᠡᠪ ᠬᠠᠮᠲᠤ ᠨᠠᠮ ᠤᠨ ᠭᠡᠰᠢᠭᠦᠨ ᠤ | ᠵᠢᠱᠢᠶ᠎ᠡ ᠦᠵᠡᠭᠦᠯᠬᠦ ᠡᠵᠡᠩᠨᠡᠯᠲᠡ ᠶᠢᠨ ᠡᠷᠦᠬᠡ︾ ᠬᠡᠮᠡᠬᠦ ᠢᠷᠠᠭᠤ ᠠᠯᠳᠠᠷ ᠤᠨ ᠫᠠᠶᠢᠰᠠ ᠢᠯᠡᠷᠬᠡᠶᠢᠯᠡᠯ ᠣᠯᠭᠤᠵᠤ᠂ | ᠲᠦᠷᠭᠡᠨ ᠬᠦᠷᠭᠡᠯᠲᠡ᠂ ᠬᠤᠭᠤᠯᠠ ᠤᠮᠳᠠ ᠶᠢᠨ ᠬᠦᠷᠭᠡᠯᠲᠡ ᠵᠡᠷᠭᠡ ᠰᠢᠨ᠎ᠡ ᠬᠡᠯᠪᠡᠷᠢ ᠶᠢᠨ ᠠᠵᠢᠯ ᠦᠢᠯᠡᠰ ᠤᠨ | ᠠᠵᠢᠯᠲᠠᠳ ᠤᠨ ᠲᠥᠯᠥᠭᠡᠯᠡᠭᠴᠢᠳ ᠲᠤ 107 ᠬᠤᠪᠢ ᠪᠡᠯᠡᠭ ᠭᠠᠷᠳᠠᠭᠤᠯᠤᠨ᠂ ᠪᠥᠬᠦ ᠬᠤᠰᠢᠭᠤᠨ ᠤ ᠰᠢᠨ᠎ᠡ ᠪᠠᠷ | ᠮᠠᠨᠳᠤᠭᠰᠠᠨ ᠠᠵᠢᠯ ᠲᠥᠷᠥᠯ ᠠᠴᠠ ᠰᠢᠯᠭᠠᠷᠠᠭᠤᠯᠤᠭᠰᠠᠨ 9 ᠨᠡᠷ᠎ᠡ ᠰᠢᠯᠢᠳᠡᠭ ᠠᠵᠢᠯᠲᠠᠨ ᠢ ᠬᠥᠬᠢᠭᠦᠯᠦᠨ ᠱᠠᠩᠨᠠᠵᠠᠢ᠃ | ᠲᠤᠬᠠᠢ ᠶᠢᠨ ᠲᠠᠯᠠᠪᠠᠶ ᠳᠤ ᠪᠠᠰᠠ ᠮᠠᠨᠳᠤᠬᠤ ᠨᠡᠶᠢᠭᠡᠮ ᠲᠣᠭᠤᠷᠢᠭ ᠤᠨ ᠨᠠᠮ ᠪᠠ ᠣᠯᠠᠨ ᠲᠦᠮᠡᠨᠳᠦ ᠦᠢᠯᠡᠴᠢᠯᠡᠬᠦ | ᠲᠥᠪ ᠢ ᠲᠣᠭᠤᠷᠢᠨ ᠦᠵᠡᠭᠰᠡᠨ ᠪᠥᠭᠡᠳ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠪᠡ᠃ | ᠲᠤᠰ ᠤᠳᠠᠭᠠᠨ ᠤ ᠠᠵᠢᠯᠯᠠᠭ᠎ᠠ ᠶᠢ ᠡᠷᠭᠢᠯᠡᠭᠰᠡᠨ ᠨᠢ ᠰᠢᠨ᠎ᠡ ᠬᠡᠯᠪᠡᠷᠢ ᠶᠢᠨ ᠠᠵᠢᠯ ᠦᠢᠯᠡᠰ ᠡᠷᠬᠢᠯᠡᠵᠦ | ᠪᠠᠶᠢᠭ᠎ᠠ ᠬᠥᠮᠥᠰ ᠤᠨ ᠬᠦᠷᠲᠡᠮᠵᠢ ᠶᠢᠨ ᠲᠥᠷᠥᠭᠳᠡᠯ ᠪᠠ ᠬᠠᠷᠢᠶᠠᠯᠠᠭᠳᠠᠬᠤ ᠰᠡᠳᠬᠢᠯᠭᠡ ᠶᠢ ᠤᠯᠠᠮ ᠨᠢᠭᠡ ᠠᠯᠬᠤᠮ | ᠨᠡᠮᠡᠭᠳᠡᠭᠦᠯᠵᠦ ᠴᠢᠳᠠᠭᠰᠠᠨ ᠪᠠᠶᠢᠨ᠎ᠠ᠂ ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ︽ᠦᠵᠡᠯ ᠰᠠᠨᠠᠭ᠎ᠠ ᠶᠢ | ᠰᠤᠷᠤᠯᠴᠠᠨ᠂ ᠨᠠᠮᠴᠢ ᠴᠢᠨᠠᠷ ᠢᠶᠠᠨ ᠴᠢᠩᠭᠠᠳᠬᠠᠵᠤ᠂ ᠦᠢᠯᠡᠳᠦᠯᠭᠡ ᠶᠢ ᠴᠢᠬᠤᠯᠠᠴᠢᠯᠠᠨ᠂ ᠰᠢᠨ᠎ᠡ ᠭᠠᠪᠢᠶ᠎ᠠ | ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠣᠰᠣᠭᠠᠷ ᠰᠢᠨ᠎ᠡ ᠬᠡᠯᠪᠡᠷᠢ ᠶᠢᠨ ᠠᠵᠢᠯ ᠦᠢᠯᠡᠰ ᠤᠨ ᠠᠵᠢᠯᠲᠠᠨ ᠤ | ᠬᠦᠴᠢᠷ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ᠰᠢᠨ᠎ᠡ ᠬᠡᠯᠪᠡᠷᠢ ᠶᠢᠨ ᠠᠵᠢᠯ | ᠦᠢᠯᠡᠰ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠬᠡᠯᠪᠡᠷᠢ ᠶᠢᠨ ᠠᠵᠢᠯ | ᠦᠢᠯᠡᠰ ᠤᠨ ᠠᠵᠢᠯᠲᠠᠨ ᠤ ᠠᠵᠢᠯ ᠮᠡᠷᠭᠡᠵᠢᠯ ᠤᠨ ᠮᠡᠳᠡᠷᠡᠮᠵᠢ ᠪᠠ ᠬᠤᠲᠠ ᠳᠤ ᠠᠭᠤᠰᠤᠯᠴᠠᠬᠤ ᠲᠥᠷᠥᠭᠳᠡᠯ ᠢ | ᠴᠢᠩᠭᠠᠷᠠᠭᠤᠯᠤᠨ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠦᠨᠡᠨ ᠬᠦ ᠠᠷᠠᠳ ᠲᠦᠮᠡᠨ ᠳᠤ | ᠦᠢᠯᠡᠴᠢᠯᠡᠬᠦ ᠳᠣᠲᠣᠭᠠᠳᠤ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠣᠳᠠᠲᠠᠢ ᠠᠵᠢᠯ ᠤᠨ ᠦᠷ᠎ᠡ ᠪᠦᠲᠦᠭᠡᠯ | ᠢᠶᠠᠷ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠮᠵᠢ ᠶᠢ ᠰᠢᠯᠭᠠᠨ ᠳᠣᠭᠲᠠᠭᠠᠬᠤ ᠪᠤᠯᠤᠨ᠎ᠠ᠃ | | |