10 ᠰᠠᠷ᠎ᠠ ᠶᠢᠨ 31 ᠤ ᠡᠳᠦᠷ᠂ ᠮᠠᠨ ᠤ ᠬᠤᠰᠢᠭᠤ 2023 ᠣᠨ ᠤ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢᠨ ᠬᠥᠳᠡᠯᠦᠩᠭᠦᠢ | ᠬᠠᠮᠢᠶᠠᠷᠤᠯᠲᠠ ᠶᠢᠨ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃ | ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠂ ᠪᠦᠬᠦ ᠠᠶᠢᠮᠠᠭ ᠤᠨ 2023 ᠣᠨ ᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ ᠮᠡᠳᠡᠭᠡ ᠵᠠᠩᠭᠢ ᠶᠢᠨ ᠬᠥᠳᠡᠯᠦᠩᠭᠦᠢ | ᠬᠠᠮᠢᠶᠠᠷᠤᠯᠲᠠ ᠶᠢᠨ ᠪᠣᠯᠪᠠᠰᠤᠷᠠᠯ ᠤᠨ ᠠᠩᠭᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ | ᠬᠤᠰᠢᠭᠤᠨ ᠤ 2023 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠤᠨ | ᠮᠡᠳᠡᠭᠡ ᠵᠠᠩᠭᠢ ᠶᠢᠨ ᠬᠥᠳᠡᠯᠦᠩᠭᠦᠢ ᠬᠠᠮᠢᠶᠠᠷᠤᠯᠲᠠ ᠶᠢᠨ ᠠᠵᠢᠯ ᠢ ᠪᠠᠶᠢᠷᠢᠯᠠᠭᠤᠯᠤᠨ᠂ ᠳᠠᠬᠢᠨ ᠶᠠᠳᠠᠭᠤᠷᠠᠬᠤ ᠶᠢ | ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠥᠬᠦ ᠤᠯᠤᠰ ᠤᠨ | ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠯᠲᠡ ᠶᠢᠨ ᠮᠡᠳᠡᠭᠡ ᠵᠠᠩᠭᠢ ᠶᠢᠨ ᠰᠢᠰᠲ᠋ᠧᠮ ᠤᠨ ᠠᠵᠢᠯᠯᠠᠭ᠎ᠠ᠂ | ᠲᠤᠭ᠎ᠠ ᠪᠠᠷᠢᠮᠲᠠ ᠶᠢᠨ ᠶᠠᠰᠤ ᠴᠢᠨᠠᠷ ᠪᠠ ᠲᠤᠭ᠎ᠠ ᠪᠠᠷᠢᠮᠲᠠ ᠶᠢᠨ ᠵᠠᠳᠠᠯᠤᠯᠲᠠ ᠶᠢᠨ ᠰᠢᠰᠲ᠋ᠧᠮ ᠤᠨ ᠲᠣᠭᠤᠷᠢᠨ ᠳᠤ | ᠲᠤᠰᠬᠠᠢ ᠰᠡᠳᠦᠪᠲᠦ ᠪᠤᠯᠪᠠᠰᠤᠷᠠᠯ ᠥᠷᠨᠢᠭᠦᠯᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ | ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠴᠠᠭ | ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠵᠢᠭᠠᠨ ᠵᠢᠯᠤᠭᠤᠳᠴᠤ ᠬᠢᠨᠠᠨ | ᠬᠠᠷᠭᠤᠭᠤᠯᠬᠤ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠮᠡᠳᠡᠭᠡ ᠵᠠᠩᠭᠢ ᠶᠢ | ᠴᠤᠭᠯᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠵᠥᠷᠢᠶ᠎ᠡ ᠶᠢᠨ ᠬᠦᠷᠦᠯᠴᠡᠬᠦ ᠦᠭᠡᠢ | ᠲᠠᠯ᠎ᠠ ᠳᠤ ᠵᠥᠪ ᠢᠶᠠᠷ ᠬᠠᠨᠳᠤᠵᠤ᠂ ᠵᠠᠩᠭᠢᠯᠠᠭ᠎ᠠ ᠶᠢᠨ ᠭᠤᠣᠯᠳᠠᠯᠭ᠎ᠠ ᠶᠢ ᠴᠢᠩᠭᠠᠠᠩᠬᠠᠷᠴᠤ᠂ ᠵᠣᠬᠢᠴᠠᠭᠤᠯᠤᠨ | ᠬᠠᠮᠲᠤᠷᠠᠯᠴᠠᠬᠤ ᠶᠢ ᠴᠢᠩᠭᠠᠳᠬᠠᠨ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ ᠬᠠᠪᠰᠤᠷᠤᠨ | ᠲᠡᠳᠬᠦᠬᠦ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠤᠨ᠂ ᠤᠬᠤᠷᠢᠨ ᠭᠠᠷᠬᠤ ᠪᠣᠭᠤᠮᠲᠠ ᠶᠢ ᠴᠢᠩᠭ᠎ᠠ | ᠠᠳᠬᠤᠵᠤ᠂ ᠮᠠᠨ ᠤ ᠬᠤᠰᠢᠭᠤᠨ ᠤ 2023 ᠣᠨ ᠤ ᠬᠤᠶᠠᠳᠤᠭᠠᠷ ᠡᠭᠡᠯᠵᠢ ᠶᠢᠨ ᠲᠥᠪᠯᠡᠷᠡᠭᠦᠯᠦᠨ ᠪᠠᠶᠢᠴᠠᠭᠠᠬᠤ | ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ᠃ ᠨᠢᠭᠡᠳᠦᠯᠲᠡᠢ ᠲᠥᠯᠥᠪᠯᠡᠵᠦ ᠨᠡᠶᠢᠲᠡ ᠳᠤᠨᠢ ᠬᠠᠷᠠᠭᠠᠯᠵᠠᠨ᠂ | ᠬᠦᠴᠦ ᠪᠠᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ᠂ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ᠂ ︽ᠭᠤᠷᠪᠠ ᠶᠢ ᠪᠠᠲᠤᠯᠠᠬᠤ︾ ᠵᠢᠴᠢ ᠤᠤᠭᠤᠬᠤ ᠤᠰᠤᠨ ᠤ ᠠᠮᠤᠷ | ᠲᠦᠪᠰᠢᠨ᠂ ᠲᠥᠷᠥᠯ ᠵᠦᠢᠯ ᠤᠨ ᠪᠡᠯᠡ ᠮᠥᠩᠭᠦ ᠶᠢᠨ ᠬᠠᠮᠢᠶᠠᠷᠤᠯᠲᠠ᠂ ᠡᠯ᠎ᠡ ᠲᠥᠷᠥᠯ ᠤᠨ ᠬᠠᠷᠢᠭᠤ ᠲᠤᠰᠬᠠᠭᠰᠠᠨ | ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ᠂ ᠬᠥᠳᠡᠭᠡ | ᠲᠣᠰᠬᠤᠨ ᠤ ᠵᠠᠰᠠᠯᠲᠠ᠂ ᠭᠠᠴᠠᠭᠠᠨ ᠳᠤ ᠰᠠᠭᠤᠵᠤ ᠬᠠᠪᠰᠤᠷᠤᠨ ᠲᠡᠳᠬᠦᠬᠦ᠂ ᠡᠬᠡ ᠳᠠᠩᠰᠠ ᠶᠢᠨ ᠮᠠᠲ᠋ᠧᠷᠢᠶᠠᠯ᠂ | ᠺᠠᠳ᠋ᠷ ᠤᠨ ᠲᠥᠷᠥ ᠶᠢᠨ ᠪᠣᠳᠣᠯᠭ᠎ᠠ ᠶᠢᠨ ᠮᠡᠳᠡᠯᠭᠡ ᠶᠢᠨ ᠰᠤᠷᠤᠯᠴᠠᠯᠭ᠎ᠠ᠂ ᠣᠯᠠᠨ ᠲᠦᠮᠡᠨ ᠤ ᠲᠥᠷᠥ ᠶᠢᠨ ᠪᠣᠳᠣᠯᠭ᠎ᠠ | ᠶᠢ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠵᠡᠷᠭᠡ ᠲᠠᠯ᠎ᠠ ᠶᠢᠨ ᠲᠣᠪᠣᠶᠢᠮ᠎ᠠ ᠠᠰᠠᠭᠤᠳᠠᠯ ᠢ ᠪᠦᠬᠦ ᠲᠠᠯ᠎ᠠ | ᠪᠠᠷ ᠰᠢᠢᠳᠪᠦᠷᠢᠯᠡᠵᠦ᠂ ᠳᠤᠲᠠᠭᠤᠳᠠᠯ ᠪᠠᠭᠤᠷᠠᠢ ᠲᠠᠯ᠎ᠠ ᠪᠠᠨ ᠡᠷᠡᠰ ᠨᠥᠬᠦᠪᠦᠷᠢᠯᠡᠵᠦ᠂ ᠰᠣᠬᠤᠷ ᠪᠠᠯᠠᠢ ᠪᠠᠷ ᠭᠠᠵᠠᠷ | ᠦᠯᠡᠳᠡᠭᠡᠬᠦ ᠦᠭᠡᠢ ᠪᠠᠶᠢᠵᠤ᠂ ᠳᠤᠲᠠᠭᠤᠳᠠᠯ ᠤᠨ ᠠᠰᠠᠭᠤᠳᠠᠯ ᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠭᠡᠵᠦ | ᠪᠦᠬᠦᠨ ᠢ ᠴᠡᠪᠡᠷᠯᠡᠬᠦ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠳᠡᠭᠡᠷ᠎ᠡ᠂ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠠᠮᠢᠶ᠎ᠠ | ᠪᠦᠬᠦᠢ ᠬᠠᠷᠢᠭᠤᠴᠠᠯᠭᠠᠲᠠᠨ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠦᠷᠲᠡᠭᠡᠵᠡᠢ᠃ | ᠳᠡᠳ᠋ ᠬᠤᠰᠢᠭᠤ ᠳᠠᠷᠤᠭ᠎ᠠ ᠰᠡᠴᠡᠨ ᠪᠣᠯᠣᠨ ᠬᠤᠯᠪᠤᠭᠳᠠᠯ ᠪᠦᠬᠦᠢ ᠰᠠᠯᠠᠭ᠎ᠠ ᠮᠥᠴᠢᠷ᠂ ᠡᠯ᠎ᠡ ᠰᠤᠮᠤ | ᠪᠠᠯᠭᠠᠰᠤ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠲᠤᠬᠠᠶᠢᠯᠠᠭᠰᠠᠨ ᠠᠵᠢᠯ ᠤᠨ ᠭᠤᠣᠯᠯᠠᠭᠴᠢ ᠬᠦᠴᠦᠨ ᠪᠠ | ᠭᠠᠴᠠᠭᠠᠨ ᠳᠤ ᠰᠠᠭᠤᠭ᠎ᠠ ᠨᠢᠭᠡᠳᠦᠭᠡᠷ ᠱᠦᠵᠢ ᠵᠢᠴᠢ ᠭᠠᠴᠠᠭᠠᠨ ᠤ ᠠᠵᠢᠯᠲᠠᠳ ᠪᠣᠯᠪᠠᠰᠤᠷᠠᠯ ᠳᠤ ᠣᠷᠣᠯᠴᠠᠵᠠᠢ᠃ | |