7 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2023/11/16
      ★ 7 ᠰᠠᠷ᠎ᠠ ᠶᠢᠨ 12 ᠤᠨ ᠡᠳᠦᠷ   ᠵᠡᠭᠦᠨ ᠦᠵᠦᠮᠦᠴᠢᠨ ᠬᠤᠰᠢᠭᠤ ᠲᠠᠪᠤᠳᠤᠭᠠᠷ ᠬᠤᠭᠤᠴᠠᠭᠠᠨ ᠤ ︽ᠮᠠᠷᠭᠠᠰᠢ ᠶᠢ ᠬᠠᠯᠠᠮᠵᠢᠯᠠᠨ ᠬᠠᠶᠢᠷᠠᠯᠠᠵᠤ  ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠤᠷᠢᠳᠠᠪᠠᠷ ᠲᠦᠭᠡᠮᠡᠯᠵᠢᠭᠦᠯᠬᠦ ︾ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠡᠬᠢᠯᠡᠯᠲᠡ ᠶᠢᠨ ᠶᠤᠰᠤᠯᠠᠯ ᠢ ᠶᠠᠪᠤᠭᠳᠠᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠨᠡᠷ᠎ᠡ ᠬᠦᠨᠳᠦᠲᠦ ᠡᠷᠬᠢᠯᠡᠭᠴᠢ ᠵᠧᠦ ᠸᠧ ᠮᠢᠨ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠬᠤᠰᠢᠭᠤ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠡᠷᠬᠢᠯᠡᠭᠴᠢ ᠶᠣᠣ ᠬᠠᠢ ᠰᠢᠶᠠ ᠵᠢᠴᠢ ᠬᠤᠰᠢᠭᠤ ᠬᠤᠶᠢᠴᠢ ᠦᠶ᠎ᠡ ᠶᠢ ᠬᠠᠯᠠᠮᠵᠢᠯᠠᠬᠤ ᠠᠵᠢᠯ ᠤᠨ ᠵᠥᠪᠯᠡᠯ ᠤᠨ ᠪᠠᠶᠢᠩᠭᠤ ᠶᠢᠨ ᠳᠡᠳ᠋ ᠡᠷᠬᠢᠯᠡᠭᠴᠢ ᠲᠤ᠋᠂ ᠪᠠᠭᠠᠲᠤᠷ ᠶᠣᠰᠣᠯᠠᠯ ᠳᠤ ᠣᠷᠣᠯᠴᠠᠪᠠ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠰᠢᠭᠤ ᠬᠤᠶᠢᠴᠢ ᠦᠶ᠎ᠡ ᠶᠢ ᠬᠠᠯᠠᠮᠵᠢᠯᠠᠬᠤ ᠵᠥᠪᠯᠡᠯ ︽ᠲᠠᠪᠤᠳᠤᠭᠠᠷ ᠬᠤᠭᠤᠴᠠᠭᠠᠨ ᠤ ︿ᠮᠠᠷᠭᠠᠰᠢ ᠶᠢ ᠬᠠᠯᠠᠮᠵᠢᠯᠠᠨ ᠬᠠᠶᠢᠷᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠤᠷᠢᠳᠠᠪᠠᠷ ᠲᠦᠭᠡᠮᠡᠯᠵᠢᠭᠦᠯᠬᠦ﹀ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠲᠤᠬᠠᠢ ᠮᠡᠳᠡᠭᠳᠡᠯ︾ ᠢ ᠤᠯᠠᠮᠵᠢᠯᠠᠪᠠ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠪᠠᠶᠢᠴᠠᠭᠠᠬᠤ ᠬᠤᠷᠢᠶ᠎ᠠ᠂ ᠠᠷᠠᠳ ᠤᠨ ᠰᠢᠭᠦᠬᠦ ᠬᠤᠷᠢᠶ᠎ᠠ᠂ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠵᠡᠷᠭᠡ ᠨᠢ ︽ᠮᠠᠷᠭᠠᠰᠢ ᠶᠢ ᠬᠠᠯᠠᠮᠵᠢᠯᠠᠨ ᠬᠠᠶᠢᠷᠠᠯᠠᠵᠤ᠂ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠤᠷᠢᠳᠠᠪᠠᠷ ᠲᠦᠭᠡᠮᠡᠯᠵᠢᠭᠦᠯᠬᠦ︾ ᠵᠠᠯᠠᠭᠤᠴᠤᠳ ᠪᠠᠭᠠᠴᠤᠳ ᠤᠨ ᠬᠠᠤᠯᠢ ᠪᠠᠷ ᠵᠠᠰᠠᠬᠤ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠪᠠ᠃      7 ᠰᠠᠷ᠎ᠠ ᠶᠢᠨ 17 ᠤ ᠡᠳᠦᠷ ᠤᠨ ᠦᠳᠡ ᠶᠢᠨ ᠡᠮᠦᠨ᠎ᠡ   ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠤᠳᠠᠭᠠᠨ ᠤ ᠠᠷᠠᠳ ᠤᠨ ᠨᠠᠭᠠᠳᠤᠮ ᠤᠨ ᠶᠡᠭᠡ ᠬᠤᠷᠠᠯ ᠵᠢᠴᠢ ︽ᠳᠥᠷᠪᠡᠨ ᠴᠠᠭ ᠤᠨ ᠦᠵᠦᠮᠦᠴᠢᠨ︾ ᠰᠣᠶᠣᠯ ᠵᠢᠭᠤᠯᠴᠢᠯᠠᠯ ᠤᠨ ᠨᠠᠶᠢᠷ ᠵᠡᠭᠦᠨ ᠦᠵᠦᠮᠦᠴᠢᠨ ᠬᠤᠰᠢᠭᠤᠨ ᠤ ᠨᠠᠭᠠᠳᠤᠮ ᠤᠨ ᠲᠠᠯᠠᠪᠠᠶ ᠳᠤ ᠦᠪᠡᠳᠡᠭᠰᠢ ᠶᠡᠭᠡ ᠪᠠᠷ ᠡᠬᠢᠯᠡᠪᠡ᠃ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ᠂ ᠰᠢᠯᠢ ᠶᠢᠨ ᠭᠤᠣᠯ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠠᠶᠢᠮᠠᠭ ᠤᠨ ᠳᠡᠳ᠋ ᠳᠠᠷᠤᠭ᠎ᠠ ᠦ᠋ ᠴᠢᠩ ᠬᠤᠸᠠ᠂ ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠴᠢᠯᠠᠭᠤᠨᠪᠠᠭᠠᠲᠤᠷ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠤᠤᠯ ᠤᠨ ᠡᠷᠬᠢᠯᠡᠭᠴᠢ ᠠᠳᠢᠶ᠎ᠠ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠬᠡᠰᠢᠭᠪᠦ᠋ᠷᠢᠨ᠂ ᠰᠢᠯᠢ ᠶᠢᠨ ᠭᠤᠣᠯ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠳᠠᠪᠰᠢᠯᠲᠤ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ ᠵᠡᠭᠦᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ᠂ ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠤᠨ 32106 ᠴᠡᠷᠢᠭ ᠠᠩᠭᠢ ᠶᠢᠨ ᠪᠠᠷᠢᠭᠠᠳᠠ ᠶᠢᠨ ᠳᠠᠷᠤᠭ᠎ᠠ ᠪᠦᠦ ᠶᠢᠨ ᠱᠠᠨ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠱᠠᠩᠬᠠᠢ ᠳᠤ ᠰᠠᠭᠤᠭ᠎ᠠ ᠬᠡᠷᠡᠭ ᠡᠷᠬᠢᠯᠡᠬᠦ ᠭᠠᠵᠠᠷ ᠤᠨ ᠤᠤᠯ ᠤᠨ ᠡᠷᠬᠢᠯᠡᠭᠴᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠮᠧᠩ ᠪᠠᠲᠤ᠂ ᠰᠢᠯᠢ ᠶᠢᠨ ᠭᠤᠣᠯ ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠬᠤᠷᠢᠶ᠎ᠠ ᠶᠢᠨ ᠤᠤᠯ ᠤᠨ ᠳᠡᠳ᠋ ᠡᠷᠬᠢᠯᠡᠭᠴᠢ ᠠᠯᠲᠠᠨᠪᠤᠯᠠᠭ᠂ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠤᠯ ᠤᠨ ᠤᠷᠲᠤ ᠪᠥᠬᠡᠴᠢᠯᠠᠭᠤ᠂ ᠵᠡᠭᠦᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠰᠤᠩᠷᠠᠢ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠤᠤᠯ ᠤᠨ ᠡᠷᠬᠢᠯᠡᠭᠴᠢ ᠲᠤ᠋᠂ ᠪᠠᠭᠠᠲᠤᠷ᠂ ᠵᠡᠭᠦᠨ ᠦᠵᠦᠮᠦᠴᠢᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠤᠤᠯ ᠤᠨ ᠲᠡᠷᠢᠭᠦᠯᠡᠭᠴᠢ ᠰᠣᠮᠢᠶ᠎ᠠ᠂ ᠰᠥᠨᠢᠳ ᠵᠡᠭᠦᠨ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠱᠤᠸᠠᠩ ᠪᠦᠦ᠂ ᠠᠪᠠᠭ᠎ᠠ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠨᠠᠰᠤᠨᠪᠠᠲᠤ᠂ ᠠᠪᠠᠭ᠎ᠠ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠤᠯᠤᠤᠡᠪᠠᠭᠠᠲᠤᠷ᠂ ᠰᠥᠨᠢᠳ ᠪᠠᠷᠠᠭᠤᠨ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠨᠠᠰᠤᠲᠤ ᠠᠵᠢᠯᠯᠠᠭ᠎ᠠ ᠳᠤ ᠣᠷᠣᠯᠴᠠᠵᠠᠢ᠃ ᠬᠢᠩᠭᠠᠨ ᠪᠠᠶᠠᠷ ᠤᠨ ᠦᠭᠡ ᠬᠡᠯᠡᠬᠦ ᠶᠢᠨ ᠬᠠᠮᠲᠤ ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠤᠳᠠᠭ᠎ᠠ ᠶᠢᠨ ᠠᠷᠠᠳ ᠤᠨ ᠨᠠᠭᠠᠳᠤᠮ ᠤᠨ ᠬᠤᠷᠠᠯ ᠵᠢᠴᠢ ︽ᠳᠥᠷᠪᠡᠨ ᠴᠠᠭ ᠤᠨ ᠦᠵᠦᠮᠦᠴᠢᠨ︾ ᠤ ᠰᠣᠶᠣᠯ ᠵᠤᠭᠠᠴᠠᠯ ᠤᠨ ᠨᠠᠶᠢᠷ ᠡᠬᠢᠯᠡᠭᠰᠡᠨ ᠢ ᠵᠠᠷᠯᠠᠪᠠ᠃ ᠵᠧᠦ ᠢᠦᠢ ᠯᠦᠩ ᠡᠬᠢᠯᠡᠯᠲᠡ ᠶᠢᠨ ᠶᠣᠰᠣᠯᠠᠯ ᠢ ᠡᠷᠬᠢᠯᠡᠪᠡ᠃      ᠡᠬᠢᠯᠡᠯᠲᠡ ᠶᠢᠨ ᠶᠣᠰᠣᠯᠠᠯ ᠨᠢ ᠲᠠᠯᠠᠪᠠᠢ ᠳᠤ ᠣᠷᠣᠬᠤ ᠶᠣᠰᠣᠯᠠᠯ᠂ ᠲᠤᠭ ᠮᠠᠨᠳᠤᠭᠤᠯᠬᠤ ᠶᠣᠰᠣᠯᠠᠯ᠂ ᠤᠳᠤᠷᠢᠳᠤᠯᠭ᠎ᠠ ᠶᠢᠨ ᠪᠠᠶᠠᠷ ᠤᠨ ᠦᠭᠡ᠂ ᠡᠬᠢᠯᠡᠯᠲᠡ ᠶᠢᠨ ᠲᠣᠭᠯᠠᠯᠲᠠ᠂ ᠭᠠᠪᠢᠶᠠᠨ ᠲᠡᠮᠳᠡᠭ ᠣᠯᠭᠤᠬᠤ ᠶᠣᠰᠣᠯᠠᠯ ᠵᠡᠷᠭᠡ ᠬᠡᠰᠡᠭ ᠢᠶᠠᠷ ᠪᠦᠷᠢᠯᠳᠦᠵᠡᠢ᠃        ★ 7 ᠰᠠᠷ᠎ᠠ ᠶᠢᠨ 18 ᠤ ᠡᠳᠦᠷ ᠤᠨ ᠦᠳᠡ ᠶᠢᠨ ᠡᠮᠦᠨ᠎ᠡ   ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠤᠳᠠᠭᠠᠨ ᠤ ᠠᠷᠠᠳ ᠤᠨ ᠨᠠᠭᠠᠳᠤᠮ ᠤᠨ ᠬᠤᠷᠠᠯ ᠵᠢᠴᠢ ᠬᠤᠳᠠᠯᠳᠤᠭᠠᠴᠢᠨ ᠤᠷᠢᠵᠤ ᠪᠡᠯᠡ ᠮᠥᠩᠭᠦ ᠲᠠᠲᠠᠬᠤ ᠲᠠᠨᠢᠯᠴᠠᠭᠤᠯᠭ᠎ᠠ ᠶᠢᠨ ᠬᠤᠷᠠᠯ ᠤᠯᠢᠶᠠᠰᠤᠲᠠᠢ ᠪᠠᠯᠭᠠᠰᠤᠨ ᠳᠤ ᠠᠮᠵᠢᠯᠲᠠ ᠲᠠᠢ ᠶᠠᠪᠤᠭᠳᠠᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠠᠵᠢᠯᠯᠠᠭ᠎ᠠ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠪᠠᠶᠠᠷ ᠤᠨ ᠦᠭᠡ ᠬᠡᠯᠡᠵᠦ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠳᠠᠯᠳᠤᠭᠠᠴᠢᠨ ᠤᠷᠢᠵᠤ ᠪᠡᠯᠡ ᠣᠷᠤᠭᠤᠯᠬᠤ ᠲᠠᠨᠢᠯᠴᠠᠭᠤᠯᠭ᠎ᠠ ᠬᠢᠵᠤ᠂ ᠪᠡᠭᠡᠵᠢᠩ᠂ ᠵᠧᠵᠢᠶᠠᠩ᠂ ᠱᠠᠨᠳᠦ᠋ᠩ᠂ ᠯᠢᠶᠣᠤᠨᠢᠩ ᠵᠡᠷᠭᠡ ᠮᠤᠵᠢ ᠬᠤᠲᠠ ᠶᠢᠨ 50 ᠭᠠᠷᠤᠢ ᠰᠢᠯᠢᠳᠡᠭ ᠠᠵᠤ ᠠᠬᠤᠶᠢᠯᠠᠯ᠂ ᠲᠠᠭᠠᠭᠤᠯᠤᠭᠴᠢ ᠠᠵᠤ ᠠᠬᠤᠶᠢᠯᠠᠯ ᠲᠠᠢ ᠬᠠᠮᠲᠤ ᠪᠠᠷ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠰᠡᠳᠬᠢᠮᠵᠢ ᠶᠢ ᠬᠠᠶᠢᠨ ᠰᠦᠪᠡᠭᠴᠢᠯᠡᠵᠦ᠂ ᠬᠠᠮᠲᠤᠷᠠᠯᠴᠠᠭᠠᠨ ᠤ ᠰᠢᠨ᠎ᠡ ᠬᠦᠷᠢᠶ᠎ᠡ ᠶᠢ ᠰᠦᠪᠡᠭᠴᠢᠯᠡᠨ ᠥᠷᠭᠡᠳᠬᠡᠵᠦ᠂ ᠠᠵᠤ ᠠᠬᠤᠶᠢᠯᠠᠯ ᠪᠠ ᠣᠷᠣᠨ ᠨᠤᠲᠤᠭ ᠬᠤᠶᠠᠷ ᠲᠠᠯ᠎ᠠ ᠶᠢᠨ ᠬᠠᠮᠲᠤ ᠶᠢᠨ ᠬᠥᠭᠵᠢᠯᠲᠡ ᠶᠢ ᠪᠡᠶᠡᠯᠡᠭᠦᠯᠦᠨ᠎ᠡ᠃ ᠲᠠᠨᠢᠯᠴᠠᠭᠤᠯᠭ᠎ᠠ ᠶᠢᠨ ᠬᠤᠷᠠᠯ ᠠᠴᠠ ᠳ᠋ᠠᠯᠢᠶᠠᠨ ᠤ ᠵᠤᠸᠠᠩ ᠾᠧ ᠬᠤᠳᠠ ᠶᠢᠨ ᠰᠣᠶᠣᠯ ᠵᠤᠭᠠᠴᠠᠯ ᠤᠨ ᠲᠣᠪᠴᠢᠶ᠎ᠠ ᠶᠢᠨ ᠳᠠᠷᠤᠭ᠎ᠠ ᠵᠧᠦ ᠯᠢ᠂ ᠳᠡᠳ᠋ ᠳᠠᠷᠤᠭ᠎ᠠ ᠵᠧᠩ ᠢᠦᠢ᠂ ᠬᠠᠮ ᠵᠠᠭᠤᠴᠢᠯᠠᠭᠤᠷ ᠤᠨ ᠲᠥᠪ ᠤᠨ ᠳᠡᠳ᠋ ᠡᠷᠬᠢᠯᠡᠭᠴᠢ ᠬᠤᠤ ᠯᠢᠶᠠᠩ ᠢ ᠣᠨᠴᠠᠭᠠᠶᠢᠯᠠᠨ ᠤᠷᠢᠵᠤ ᠠᠵᠢᠯᠯᠠᠭ᠎ᠠ ᠳᠤ ᠣᠷᠣᠯᠴᠠᠭᠤᠯᠪᠠ᠃ ᠲᠣᠰ ᠤᠳᠠᠭᠠᠨ ᠤ ᠲᠠᠨᠢᠯᠴᠠᠭᠤᠯᠭ᠎ᠠ ᠶᠢᠨ ᠬᠤᠷᠠᠯ ᠪᠣᠯ ᠵᠡᠭᠦᠨ ᠦᠵᠦᠮᠦᠴᠢᠨ ᠬᠤᠰᠢᠭᠤᠨ ᠤ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠶᠢ ᠢᠳᠡᠪᠬᠢᠲᠡᠢ ᠨᠠᠶᠢᠳᠠᠪᠤᠷᠢᠵᠢᠭᠤᠯᠤᠭᠰᠠᠨ ᠪᠣᠳᠠᠲᠠᠢ ᠦᠢᠯᠡᠳᠦᠯᠭᠡ ᠮᠥᠨ᠂ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠢᠯᠡᠳᠪᠦᠷᠢᠯᠡᠨ ᠪᠣᠯᠪᠠᠰᠤᠷᠠᠭᠤᠯᠬᠤ᠂ ᠪᠣᠭᠤᠮᠲᠠ ᠶᠢᠨ ᠬᠥᠭᠵᠢᠭᠦᠯᠦᠯᠲᠡ ᠨᠡᠭᠡᠭᠡᠯᠲᠡ ᠵᠡᠷᠭᠡ ᠬᠦᠷᠢᠶᠡᠨ ᠳᠤ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠬᠤ᠂ ᠲᠠᠰ ᠳᠡᠪᠰᠢᠭᠦᠯᠬᠦ ᠶᠢ ᠳᠠᠬᠢᠨᠲᠠ ᠪᠡᠶᠡᠯᠡᠭᠦᠯᠵᠦ᠂ ᠵᠡᠭᠦᠨ ᠦᠵᠦᠮᠦᠴᠢᠨ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠠᠮᠢᠵᠢᠷᠠᠯ ᠤᠨ ᠬᠦᠴᠦᠨ ᠨᠡᠮᠡᠷᠢᠯᠡᠪᠡ᠃ ᠬᠤᠶᠢᠰᠢᠳᠠ᠂ ᠵᠡᠭᠦᠨ ᠦᠵᠦᠮᠦᠴᠢᠨ ᠬᠤᠰᠢᠭᠤ ᠦᠷᠭᠦᠯᠵᠢᠯᠡᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠠᠯ᠎ᠠ ᠪᠠᠷ ᠬᠦᠴᠦ ᠲᠠᠯᠪᠢᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠯ᠎ᠠ ᠪᠠᠷ ᠪᠥᠬᠦ ᠬᠦᠴᠦᠨ   ᠢᠶᠠᠷ   ᠢᠶᠠᠨ ᠥᠷᠭᠡᠨ ᠣᠯᠠᠨ ᠠᠵᠤ ᠠᠬᠤᠶᠢᠯᠠᠯᠲᠠᠨ ᠪᠣᠯᠣᠨ ᠨᠠᠶᠢᠵᠠ ᠨᠠᠷ ᠲᠠᠢ ᠪᠠᠨ ᠬᠠᠮᠲᠤ ᠪᠠᠷ ᠴᠢᠷᠮᠠᠶᠢᠨ ᠠᠵᠢᠯᠯᠠᠵᠤ᠂ ᠬᠠᠮᠲᠤ ᠪᠠᠷ ᠠᠮᠵᠢᠯᠲᠠ ᠪᠦᠲᠦᠮᠵᠢ ᠣᠯᠵᠤ᠂ ᠴᠣ ᠰᠢᠨ᠎ᠡ ᠬᠤᠳᠠᠯᠳᠤᠭᠠᠨ ᠤ ᠵᠢᠷᠭᠠᠯᠠᠩᠲᠤ ᠣᠷᠣᠨ᠂ ᠣᠷᠣᠰᠢᠨ ᠰᠠᠭᠤᠬᠤ ᠳᠤ ᠲᠣᠬᠢᠷᠠᠮᠵᠢᠲᠠᠢ ᠴᠡᠩᠭᠡᠯ ᠤᠨ ᠣᠷᠣᠨ ᠢ ᠴᠣᠭᠴᠠᠯᠠᠨ ᠪᠠᠶᠢᠭᠤᠯᠬᠤ ᠪᠤᠯᠤᠨ᠎ᠠ᠃      7 ᠰᠠᠷ᠎ᠠ ᠶᠢᠨ 28 ᠤ ᠡᠳᠦᠷ   ᠳᠤᠮᠳᠠᠳᠤ ᠤᠯᠤᠰ ᠤᠨ ᠠᠷᠠᠳ ᠤᠨ ᠴᠢᠯᠦᠭᠡᠯᠡᠬᠦ ᠴᠡᠷᠢᠭ ᠪᠠᠶᠢᠭᠤᠯᠤᠭᠳᠠᠭᠰᠠᠨ 96 ᠵᠢᠯ ᠤᠨ ᠤᠢ ᠪᠣᠯᠬᠤ ᠭᠡᠵᠦ ᠪᠠᠶᠢᠭ᠎ᠠ ᠲᠠᠰᠢᠷᠠᠮ ᠳᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠪᠣᠯᠣᠨ ᠬᠤᠰᠢᠭᠤ ᠳᠥᠷᠪᠡᠨ ᠶᠡᠭᠡ ᠤᠳᠤᠷᠢᠳᠬᠤ ᠪᠠᠭ ᠤᠨ ᠬᠢᠨ ᠭᠡᠷ ᠤᠨ ᠤᠳᠤᠷᠢᠳᠤᠯᠭ᠎ᠠ ᠪᠠᠨ ᠳᠠᠭᠠᠭᠤᠯᠤᠨ ᠲᠣᠭᠤᠷᠢᠨ ᠦᠵᠡᠵᠦ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠬᠤᠰᠢᠭᠤ ᠳᠦᠷᠪᠡᠨ ᠶᠡᠭᠡ ᠣᠳᠣᠷᠢᠳᠬᠤ ᠪᠠᠭ ᠪᠣᠯᠣᠨ ᠪᠦᠬᠦ ᠬᠤᠰᠢᠭᠤᠨ ᠤ ᠠᠷᠠᠳ ᠲᠦᠮᠡᠨ ᠢ ᠲᠥᠯᠥᠭᠡᠯᠡᠨ ᠥᠷᠭᠡᠨ ᠤᠯᠠᠨ ᠴᠡᠷᠢᠭ ᠠᠩᠭᠢ ᠳᠤ ᠰᠠᠭᠤᠭ᠎ᠠ ᠳᠠᠷᠤᠭ᠎ᠠ ᠪᠠᠶᠢᠯᠳᠤᠭᠴᠢᠳ᠂ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠵᠤ ᠴᠡᠷᠢᠭ ᠠᠴᠠ ᠪᠠᠭᠤᠭᠰᠠᠳ᠂ ᠠᠮᠢᠳᠤᠷᠠᠯ ᠨᠢ ᠬᠦᠴᠢᠷᠳᠡᠯᠲᠡᠢ ᠴᠡᠷᠢᠭ ᠠᠴᠠ ᠪᠠᠭᠤᠭᠰᠠᠳ ᠂ ᠠᠵᠢᠯ ᠠᠴᠠ ᠪᠠᠨ ᠪᠠᠭᠤᠵᠤ ᠴᠡᠷᠢᠭ ᠠᠴᠠ ᠬᠠᠯᠠᠭᠳᠠᠭᠰᠠᠨ ᠺᠠᠳ᠋ᠷ᠂ ᠵᠡᠮᠳᠡᠭ ᠴᠡᠷᠢᠭ ᠠᠴᠠ ᠪᠠᠭᠤᠭᠰᠠᠳ ᠲᠤ ᠡᠷᠬᠢᠮ ᠳᠡᠭᠡᠳᠦ ᠬᠦᠨᠳᠦᠳᠬᠡᠯ ᠪᠠ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠵᠦ᠂ ᠲᠡᠳᠡᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃ ᠬᠤᠰᠢᠭᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠪᠠᠷ᠎ᠠ ᠪᠣᠯᠵᠤ ᠲᠣᠬᠤᠨᠢᠭᠤᠯᠪᠠ᠃      7 ᠰᠠᠷ᠎ᠠ ᠶᠢᠨ 20 ᠤ ᠡᠳᠦᠷ ᠠᠴᠠ 21 ᠤ ᠡᠳᠦᠷ ᠪᠣᠯᠲᠠᠯ᠎ᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠰᠣᠶᠣᠯ ᠲᠡᠦᠬᠡ ᠪᠠ ᠰᠤᠷᠤᠯᠴᠠᠯᠭ᠎ᠠ ᠶᠢᠨ ᠺᠣᠮᠢᠰ ᠤᠨ ᠤᠤᠯ ᠤᠨ ᠡᠷᠬᠢᠯᠡᠭᠴᠢ ᠨᠠᠷ ᠵᠡᠭᠦᠨ ᠦᠵᠦᠮᠦᠴᠢᠨ ᠬᠤᠰᠢᠭᠤᠨ ᠳᠤ ᠬᠦᠷᠴᠦ ︽ᠨᠠᠮ ᠤᠨ ᠲᠥᠪ ᠬᠤᠷᠢᠶᠠᠨ ᠤ ᠬᠢᠯᠢ ᠬᠢᠵᠠᠭᠠᠷ ᠣᠷᠣᠨ ᠳᠤ ᠬᠦᠷᠴᠦ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠥᠪᠥᠷ ᠮᠣᠩᠭᠤᠯ ᠭᠡᠬᠦ ᠡᠨᠡ ᠬᠦ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤᠳᠬᠠᠨ ᠪᠠᠬᠢᠵᠢᠭᠦᠯᠬᠦ︾ ᠵᠥᠪᠯᠡᠬᠦ ᠰᠡᠳᠦᠪ ᠤᠨ ᠲᠣᠭᠤᠷᠢᠨ ᠳᠤ ᠡᠲᠡᠭᠡᠳ ᠤᠨ ᠢᠯᠭᠠᠯ ᠤᠨ ᠪᠠᠶᠢᠴᠠᠭᠠᠨ ᠰᠤᠳᠤᠯᠤᠯᠲᠠ ᠥᠷᠨᠢᠭᠦᠯᠪᠡ᠃ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠭᠦᠸᠧ ᡁᠢ ᠴᠢᠶᠠᠩ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠦ᠋ᠩᠬᠡ᠂ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠵᠢᠴᠢ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠯᠪᠠᠨ ᠭᠡᠷ ᠤᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号