8 ᠳ᠋ᠤᠭᠠᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2023/11/16
      ★ 8 ᠰᠠᠷ᠎ᠠ ᠶᠢᠨ 2 ᠤᠨ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2023 ᠣᠨ ᠤ 8 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤ ᠪᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠰᠠᠨᠠᠭ᠎ᠠ ᠪᠠᠨ ᠨᠢᠭᠲᠠᠷᠠᠭᠤᠯᠤᠨ ᠰᠦᠭ ᠰᠦᠨᠡᠰᠦ ᠪᠠᠨ ᠱᠤᠭᠤᠵᠤ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠦᠨᠳᠦᠰᠦᠨ ᠱᠠᠭᠠᠷᠳᠠᠯᠭ᠎ᠠ ᠶᠢ ᠪᠠᠲᠤ ᠡᠵᠡᠮᠰᠢᠵᠦ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ︽ᠬᠤᠶᠠᠷ ᠢ ᠲᠣᠭᠲᠠᠭᠠᠬᠤ︾ ᠶᠢ ᠡᠷᠡᠰ ᠬᠠᠮᠠᠭᠠᠯᠠᠬᠤ᠂ ︽ᠬᠤᠶᠠᠷ ᠢ ᠬᠠᠮᠠᠭᠠᠯᠠᠬᠤ ︾ ᠶᠢ ᠡᠷᠡᠰ ᠪᠡᠶᠡᠯᠡᠭᠦᠯᠬᠦ ᠪᠣᠳᠠᠲᠠᠢ ᠠᠵᠢᠯᠯᠠᠭ᠎ᠠ ᠪᠣᠯᠭᠠᠵᠤ᠂ ᠠᠰᠠᠭᠤᠳᠠᠯ ᠢ ᠲᠠᠨᠢᠬᠤ᠂ ᠠᠰᠠᠭᠤᠳᠠᠯ ᠢ ᠵᠠᠳᠠᠯᠬᠤ᠂ ᠠᠰᠠᠭᠤᠳᠠᠯ ᠢ ᠰᠢᠢᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠨᠠᠮ ᠤᠨ ᠰᠢᠨ᠎ᠡ ᠶᠢ ᠡᠭᠦᠳᠦᠭᠰᠡᠨ ᠣᠨᠣᠯ ᠤᠨ ᠦᠷ᠎ᠡ ᠪᠦᠲᠦᠭᠡᠯ ᠢ ᠪᠥᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠴᠡᠷᠢᠭ ᠢ ᠬᠦᠴᠦᠷᠬᠡᠭᠵᠢᠭᠦᠯᠬᠦ ᠦᠵᠡᠯ ᠰᠠᠨᠠᠭ᠎ᠠ ᠶᠢ ᠲᠤᠤᠱᠯᠠᠭᠤᠯᠵᠤ᠂ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠪᠠᠶᠢᠯᠳᠤᠬᠤ ᠪᠣᠳᠣᠯᠭ᠎ᠠ ᠶᠢᠨ ᠴᠢᠭᠯᠡᠯᠲᠡ ᠶᠢ ᠲᠤᠤᠱᠯᠠᠭᠤᠯᠵᠤ᠂ ᠬᠢᠯᠢ ᠶᠢᠨ ᠬᠠᠮᠠᠭᠠᠯᠠᠯᠲᠠ ᠶᠢᠨ ᠠᠵᠢᠯ ᠤᠨ ᠣᠨᠴᠠᠯᠢᠭ ᠵᠢᠮ᠎ᠡ ᠶᠣᠰᠣ ᠶᠢ ᠡᠵᠡᠮᠳᠡᠵᠦ᠂ ᠴᠡᠷᠢᠭ ᠠᠩᠭᠢ ᠶᠢᠨ ᠪᠦᠬᠦ ᠲᠠᠯ᠎ᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠢᠯᠢ ᠶᠢᠨ ᠬᠠᠮᠠᠭᠠᠯᠠᠯᠲᠠ ᠶᠢᠨ ᠬᠠᠮᠢᠶᠠᠷᠤᠨ ᠡᠵᠡᠮᠳᠡᠬᠦ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠢᠶᠠᠨ ᠬᠠᠮᠠᠭᠠᠯᠠᠵᠤ ᠬᠢᠯᠢ ᠬᠢᠵᠠᠭᠠᠷ ᠢ ᠬᠠᠮᠠᠭᠠᠯᠠᠬᠤ ᠪᠣᠯᠣᠳ ᠲᠡᠮᠦᠷ ᠴᠠᠭᠠᠨ ᠬᠡᠷᠡᠮ ᠢ ᠴᠢᠷᠮᠠᠶᠢᠨ ᠳᠠᠪᠲᠠᠨ ᠪᠣᠯᠪᠠᠰᠤᠷᠠᠭᠤᠯᠵᠤ᠂ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃       ᠲᠤᠰ ᠡᠳᠦᠷ   ᠠᠶᠢᠮᠠᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯᠯᠠᠬᠤ ᠵᠥᠪᠯᠡᠯ ᠤᠨ ᠳᠡᠳ᠋ ᠡᠷᠬᠢᠯᠡᠭᠴᠢ ᠴᠧ ᠱᠤ᠋ ᠷᠦᠩ ᠨᠠᠷ ᠵᠡᠭᠦᠨ ᠦᠵᠦᠮᠦᠴᠢᠨ ᠬᠤᠰᠢᠭᠤᠨ ᠳᠤ ᠭᠦᠨᠵᠡᠭᠡᠶᠢᠷᠡᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠠᠵᠢᠯ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠬᠠᠢ ᠪᠦᠦ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠣᠣ ᠮᠢᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃      ★ 8 ᠰᠠᠷ᠎ᠠ ᠶᠢᠨ 7 ᠤ ᠡᠳᠦᠷ   ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠢᠩᠬᠢᠮ ᠤᠨ ᠳᠠᠷᠤᠭ᠎ᠠ ᠱᠧᠩ ᠵᠢᠶᠣᠤ ᠶᠸᠤ ᠨᠠᠷ ᠵᠡᠭᠦᠨ ᠦᠵᠦᠮᠦᠴᠢᠨ ᠬᠤᠰᠢᠭᠤᠨ ᠳᠤ ᠬᠦᠷᠴᠦ ᠬᠢᠯᠢ ᠬᠢᠵᠠᠭᠠᠷ ᠤᠨ ᠮᠠᠯᠵᠢᠬᠤ ᠣᠷᠣᠨ ᠤ ᠤᠰᠤ ᠬᠠᠩᠭᠠᠬᠤ ᠪᠠᠲᠤᠯᠠᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠠᠩ ᠬᠤᠩ ᠸᠧᠢ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠲᠠᠷᠢᠶᠠᠯᠠᠩ ᠮᠠᠯ ᠠᠵᠤ ᠠᠬᠤᠢ ᠶᠢᠨ ᠭᠠᠵᠠᠷ ᠤᠨ ᠳᠠᠷᠤᠭ᠎ᠠ ᠯᠢᠦ ᠶᠠᠨ ᠽᠥᠩ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠶᠡᠷᠦᠩᠬᠡᠶᠢᠯᠡᠭᠰᠡᠨ ᠪᠠᠲᠤᠯᠠᠪᠤᠷᠢ ᠶᠢᠨ ᠲᠥᠪ ᠤᠨ ᠬᠤᠷᠠᠯ ᠤᠨ ᠰᠠᠯᠠᠭᠠᠨ ᠳᠠᠷᠤᠭ᠎ᠠ ᠯᠢ ᠵᠢᠶᠦ᠋ᠨ ᠵᠢᠶᠠᠨ ᠪᠠᠶᠢᠴᠠᠭᠠᠨ ᠰᠤᠳᠤᠯᠤᠯᠲᠠ ᠳᠤ ᠣᠷᠣᠯᠴᠠᠵᠤ᠂ ᠵᠠᠬᠢᠷᠭ᠎ᠠ ᠶᠢᠨ ᠳᠡᠳ᠋ ᠠᠶᠢᠮᠠᠭ ᠤᠨ ᠳᠠᠷᠤᠭ᠎ᠠ ᠶᠠᠩ ᠯᠢ᠂ ᠠᠶᠢᠮᠠᠭ ᠤᠨ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠸᠠᠩ ᠬᠠᠢ ᠵᠢᠶᠦ᠋ᠨ᠂ ᠳᠡᠳ᠋ ᠳᠠᠷᠤᠭ᠎ᠠ ᠬᠠᠨ ᠯᠢ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠬᠢᠩᠭᠠᠨ᠂ ᠬᠤᠰᠢᠭᠤ ᠳᠠᠷᠤᠭ᠎ᠠ ᠵᠧᠦ ᠢᠦᠢ ᠯᠦᠩ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠨᠥᠬᠦᠳ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠵᠡᠢ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠵᠡᠭᠦᠨ ᠬᠠᠲᠠᠪᠴᠢ ᠪᠠᠯᠭᠠᠰᠤᠨ ᠳᠤ ᠬᠦᠷᠴᠦ ᠬᠢᠯᠢ ᠶᠢᠨ ᠰᠤᠮᠤ ᠪᠠᠯᠭᠠᠰᠤᠨ ᠤ ᠤᠰᠤᠨ ᠰᠤᠷᠪᠤᠯᠵᠢ ᠶᠢᠨ ᠢᠨᠵᠧᠨᠧᠷᠢᠩ ᠤᠨ ᠲᠦᠷᠦᠯ ᠵᠦᠢᠯ ᠤᠨ ᠠᠵᠢᠯᠯᠠᠭᠠᠨ ᠤ ᠪᠠᠶᠢᠳᠠᠯ ᠢ ᠪᠠᠶᠢᠴᠠᠭᠠᠵᠤ᠂ ᠤᠰᠤᠨ ᠰᠤᠷᠪᠤᠯᠵᠢ ᠶᠢᠨ ᠬᠤᠳᠳᠤᠭ ᠤᠨ ᠮᠠᠰᠢᠨ ᠬᠥᠭᠡᠷᠭᠡ ᠶᠢᠨ ᠲᠥᠬᠦᠭᠡᠷᠦᠮᠵᠢ᠂ ᠤᠰᠤ ᠬᠠᠳᠠᠭᠠᠯᠠᠬᠤ ᠵᠣᠭᠤᠷᠢ ᠵᠢᠴᠢ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠬᠡᠷᠡᠭᠯᠡᠯᠲᠡ᠂ ᠤᠰᠤ ᠭᠠᠷᠭᠠᠬᠤ ᠬᠡᠮᠵᠢᠶ᠎ᠡ ᠵᠢᠴᠢ ᠤᠰᠤᠨ ᠤ ᠴᠢᠨᠠᠷ ᠤᠨ ᠪᠠᠶᠢᠳᠠᠯ ᠤᠨ ᠲᠤᠬᠠᠢ ᠮᠠᠯᠴᠢᠨ ᠡᠷᠦᠬᠡ ᠲᠠᠢ ᠶᠠᠷᠢᠯᠴᠠᠭᠰᠠᠨ ᠪᠥᠭᠡᠳ ᠤᠰᠤᠨ ᠰᠤᠷᠪᠤᠯᠵᠢ ᠶᠢᠨ ᠢᠨᠵᠧᠨᠧᠷᠢᠩ ᠤᠨ ᠤᠰᠤ ᠬᠠᠩᠭᠠᠬᠤ ᠪᠠᠲᠤᠯᠠᠭ᠎ᠠ ᠶᠢᠨ ᠴᠢᠳᠠᠪᠤᠷᠢ ᠵᠢᠴᠢ ᠲᠣᠭᠲᠠᠪᠤᠷᠢᠲᠤ ᠴᠢᠨᠠᠷ ᠤᠨ ᠪᠠᠶᠢᠳᠠᠯ ᠢ ᠨᠠᠷᠢᠨ ᠯᠠᠪᠯᠠᠨ ᠠᠰᠠᠭᠤᠪᠠ᠃      ★ 8 ᠰᠠᠷ᠎ᠠ ᠶᠢᠨ 9 ᠤ ᠡᠳᠦᠷ   ᠵᠡᠭᠦᠨ ᠦᠵᠦᠮᠦᠴᠢᠨ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠠᠩᠬᠠᠳᠤᠭᠠᠷ ᠬᠤᠭᠤᠴᠠᠭᠠᠨ ᠤ ᠴᠠᠭᠳᠠᠭ᠎ᠠ ᠶᠢᠨ ᠲᠠᠮᠢᠷ ᠤᠨ ᠴᠣᠭᠯᠠᠭᠠᠨ ᠢ ᠣᠷᠣᠭᠰᠢᠲᠠᠢ ᠶᠤᠪᠤᠭᠳᠠᠭᠤᠯᠪᠠ᠃ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ᠂ ᠳᠣᠲᠣᠭᠠᠳᠤ   ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠺᠧ ᠰᠢᠶᠣᠣ ᠮᠢᠩ ᠪᠠᠶᠠᠷ ᠤᠨ ᠦᠭᠡ ᠬᠡᠯᠡᠭᠰᠡᠨ ᠪᠥᠭᠡᠳ ᠲᠠᠮᠢᠷ ᠤᠨ ᠴᠤᠭᠯᠠᠭᠠᠨ ᠡᠬᠢᠯᠡᠭᠰᠡᠨ ᠢ ᠵᠠᠷᠯᠠᠵᠠᠢ᠃ ᠠᠩᠬᠠᠳᠤᠭᠠᠷ ᠬᠤᠭᠤᠴᠠᠭᠠᠨ ᠤ ᠴᠠᠭᠳᠠᠭ᠎ᠠ ᠶᠢᠨ ᠪᠡᠶ᠎ᠡ ᠶᠢᠨ ᠲᠠᠮᠢᠷ ᠤᠨ ᠴᠤᠭᠯᠠᠭᠠᠨ ᠢ ᠡᠷᠬᠢᠯᠡᠭᠰᠡᠨ ᠨᠢ ᠵᠡᠭᠦᠨ ᠦᠵᠦᠮᠦᠴᠢᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠰᠢᠷᠭᠠᠭᠤ ᠬᠠᠲᠠᠭᠤᠵᠢᠯᠲᠠᠢ ᠲᠡᠮᠡᠴᠡᠬᠦ᠂ ᠨᠡᠩ ᠦᠨᠳᠦᠷ ᠳᠡᠭᠲᠡᠷ ᠲᠤ ᠭᠠᠷᠬᠤ᠂ ᠭᠠᠷᠮᠠᠭᠠᠢ ᠠᠮᠵᠢᠯᠲᠠ ᠶᠢ ᠬᠥᠭᠡᠭᠡᠴᠡᠯᠳᠦᠬᠦ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠤ᠂ ᠪᠦᠬᠦ ᠠᠷᠠᠳ ᠠᠴᠠ ᠲᠤᠰᠠᠯᠠᠬᠤ ᠴᠠᠭᠳᠠᠭ᠎ᠠ ᠶᠢᠨ ᠪᠦᠯᠬᠦᠮᠳᠡᠨ ᠬᠠᠮᠵᠢᠯᠴᠠᠬᠤ᠂ ᠪᠠᠶᠠᠰᠤᠩᠭᠤᠢ ᠤᠷᠤᠭᠰᠢᠯᠠᠨ ᠲᠠᠪᠰᠢᠬᠤ᠂ ᠥᠭᠡᠳᠡᠯᠡᠨ ᠲᠠᠪᠰᠢᠬᠤ ᠪᠠᠷ ᠬᠦᠴᠦᠯᠡᠨ ᠴᠢᠷᠮᠠᠶᠢᠬᠤ ᠵᠠᠯᠠᠭᠤ ᠨᠠᠰᠤᠨ ᠤ ᠴᠤᠭ ᠵᠢᠪᠬᠤᠭ᠎ᠠ ᠶᠢ ᠬᠠᠷᠠᠭᠤᠯᠵᠠᠢ᠃      ★ 8 ᠰᠠᠷ᠎ᠠ ᠶᠢᠨ 11 ᠤ ᠡᠳᠦᠷ   ᠵᠡᠭᠦᠨ ᠦᠵᠦᠮᠦᠴᠢᠨ ᠬᠤᠰᠢᠭᠤ 2023 ᠣᠨ ᠤ ᠨᠢᠭᠤᠴᠠ ᠪᠠᠷ ᠠᠷᠠᠯᠵᠢᠶᠠᠯᠠᠬᠤ ᠶᠢ ᠶᠡᠷᠦᠩᠬᠡᠶᠢᠯᠡᠨ ᠵᠠᠰᠠᠬᠤ ᠳᠤ ᠴᠣᠬᠢᠯᠲᠠ ᠥᠭᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ  ᠳᠡᠳ᠋ ᠳᠠᠷᠤᠭ᠎ᠠ ᠰᠢᠦᠢ ᠶᠢᠩ ᠵᠢᠶᠠᠨ᠂ ᠵᠡᠭᠦᠨ ᠦᠵᠦᠮᠦᠴᠢᠨ ᠪᠣᠭᠤᠮᠲᠠ ᠶᠢᠨ ᠳᠠᠷᠤᠭ᠎ᠠ ᠳᠠᠪᠰᠢᠯᠲᠤ ᠵᠡᠷᠭᠡ ᠤᠳᠤᠷᠢᠳᠤᠯᠭ᠎ᠠ ᠬᠤᠷᠠᠯ ᠳᠤ ᠣᠷᠣᠯᠴᠠᠵᠤ᠂ ᠨᠢᠭᠤᠴᠠ ᠪᠠᠷ ᠠᠷᠠᠯᠵᠢᠶᠠᠯᠠᠬᠤ ᠶᠢ ᠶᠡᠷᠦᠩᠬᠡᠶᠢᠯᠡᠨ ᠵᠠᠰᠠᠬᠤ ᠳᠤ ᠴᠣᠬᠢᠯᠲᠠ ᠥᠭᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠬᠤᠷᠠᠯ ᠳᠤ ᠣᠷᠣᠯᠴᠠᠵᠠᠢ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠴᠢᠨᠠᠭᠰᠢᠳᠠ ᠳᠡᠭᠡᠭᠰᠢᠯᠡᠭᠦᠯᠵᠦ᠂ ᠨᠢᠭᠤᠴᠠ ᠪᠠᠷ ᠠᠷᠠᠯᠵᠢᠶᠠᠯᠠᠬᠤ ᠶᠢ ᠶᠡᠷᠦᠩᠬᠡᠶᠢᠯᠡᠨ ᠵᠠᠰᠠᠬᠤ ᠠᠵᠢᠯ ᠳᠤ ᠴᠣᠬᠢᠯᠲᠠ ᠥᠭᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠬᠤ ᠬᠡᠷᠡᠭᠲᠡᠢ᠃ ᠭᠤᠣᠯᠳᠠᠯᠭ᠎ᠠ ᠲᠠᠢ ᠡᠲᠡᠭᠡᠳ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠬᠦᠷᠢᠶ᠎ᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠪᠠᠶᠢᠴᠠᠭᠠᠵᠤ᠂ ᠭᠤᠣᠯᠳᠠᠯᠭ᠎ᠠ ᠲᠠᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠪᠠᠷ ᠬᠥᠲᠥᠯᠥᠨ ᠳᠠᠭᠠᠭᠤᠯᠬᠤ ᠶᠢ ᠲᠤᠪᠤᠶᠢᠯᠭᠠᠵᠦ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠠᠮᠲᠤ ᠪᠠᠷ ᠪᠠᠶᠢᠭᠤᠯᠬᠤ ᠬᠠᠮᠲᠤ ᠪᠠᠷ ᠵᠠᠰᠠᠬᠤ ᠬᠠᠮᠲᠤ ᠪᠠᠷ ᠡᠳ᠋ᠯᠡᠬᠦ ᠨᠢᠭᠤᠴᠠ ᠪᠠᠷ ᠠᠷᠠᠯᠵᠢᠶᠠᠯᠠᠬᠤ ᠶᠢ ᠶᠡᠷᠦᠩᠬᠡᠶᠢᠯᠡᠨ ᠵᠠᠰᠠᠬᠤ ᠳᠤ ᠴᠣᠬᠢᠯᠲᠠ ᠥᠭᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠬᠡᠷᠡᠭᠲᠡᠢ ᠭᠡᠪᠡ᠃      ★ 8 ᠰᠠᠷ᠎ᠠ ᠶᠢᠨ 28 ᠤ ᠡᠳᠦᠷ   ᠵᠡᠭᠦᠨ ᠦᠵᠦᠮᠦᠴᠢᠨ ᠬᠤᠰᠢᠭᠤ 2023 ᠣᠨ ᠤ ᠪᠥᠬᠦ ᠬᠤᠰᠢᠭᠤᠨ ᠤ ᠨᠠᠮᠤᠷ ᠤᠨ ᠤᠯᠠᠷᠢᠯ ᠤᠨ ᠮᠠᠯᠵᠢᠬᠤ ᠣᠷᠣᠨ ᠤ ᠭᠤᠣᠯᠳᠠᠯᠭ᠎ᠠ ᠲᠠᠢ ᠠᠵᠢᠯ ᠵᠢᠴᠢ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠰᠡᠴᠡᠨ ᠬᠤᠷᠠᠯ ᠡᠷᠭᠢᠯᠡᠪᠡ᠃ ᠬᠤᠷᠠᠯ   ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠬᠠᠳᠤᠯᠠᠩ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢ ᠶᠢᠨ ᠬᠠᠳᠤᠯᠠᠩ ᠪᠡᠯᠴᠢᠭᠡᠷ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠴᠢᠩᠭ᠎ᠠ ᠬᠡᠷᠡᠭᠵᠢᠭᠦᠯᠵᠦ᠂ ᠬᠤᠶᠠᠷ ᠣᠷᠣᠨ ᠳᠤ ᠬᠤᠶᠠᠷ ᠵᠢᠯ ᠳᠤ ᠡᠭᠡᠯᠵᠢᠯᠡᠨ ᠬᠠᠳᠤᠬᠤ ᠪᠠ ᠰᠡᠯᠡᠭᠦᠨ ᠬᠠᠳᠤᠬᠤ ᠳᠦᠷᠢᠮ ᠢ ᠭᠦᠨᠵᠡᠭᠡᠢ ᠨᠠᠶᠢᠳᠠᠪᠤᠷᠢᠵᠢᠭᠤᠯᠵᠤ᠂ ᠪᠤᠭᠤᠨᠢ ᠭᠤᠤᠷᠰᠤ ᠦᠯᠡᠳᠡᠭᠡᠬᠦ᠂ ᠬᠡᠲᠦᠷᠡᠲᠡᠯ᠎ᠡ ᠬᠠᠳᠤᠬᠤ ᠵᠡᠷᠭᠡ ᠳᠡᠭᠡᠷᠡᠮᠳᠡᠯᠭᠡ ᠶᠢᠨ ᠬᠡᠯᠪᠡᠷᠢ ᠶᠢᠨ ᠦᠢᠯᠡᠳᠪᠦᠷᠢᠯᠡᠯ ᠤᠨ ᠠᠵᠢᠯᠯᠠᠭ᠎ᠠ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠬᠤᠷᠠᠯ ᠠᠴᠠ᠂ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠬᠤᠭᠤᠴᠠᠭ᠎ᠠ ᠣᠶᠢᠷᠠᠳᠴᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ 24 ᠴᠠᠭ ᠢᠶᠠᠷ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠲᠦᠢᠮᠡᠷ ᠢ ᠰᠡᠷᠭᠡᠶᠢᠯᠡᠬᠦ ᠡᠳ᠋ ᠪᠣᠳᠠᠰ ᠪᠣᠯᠣᠨ ᠲᠥᠬᠦᠭᠡᠷᠦᠮᠵᠢ ᠶᠢ ᠪᠠᠶᠢᠴᠠᠭᠠᠨ ᠵᠠᠰᠠᠬᠤ ᠠᠵᠢᠯ ᠢ ᠤᠷᠢᠳᠴᠢᠯᠠᠨ ᠰᠠᠶᠢᠲᠤᠷ ᠬᠢᠵᠦ᠂ ᠬᠢᠯᠢ ᠶᠢᠨ ᠲᠦᠢᠮᠡᠷ ᠢ ᠰᠡᠷᠭᠡᠶᠢᠯᠡᠬᠦ ᠲᠤᠰᠠᠭᠠᠷᠯᠠᠬᠤ ᠪᠦᠰᠡ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ︽ᠠᠷᠪᠠ ᠶᠢ ᠡᠷᠭᠢᠵᠦ ᠬᠠᠷᠠᠬᠤ︾ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠪᠡ᠃      ★ 8 ᠰᠠᠷ᠎ᠠ ᠶᠢᠨ 31 ᠤ ᠡᠳᠦᠷ   ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠶᠢᠰᠦᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠣᠯ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠬᠤᠰᠢᠭᠤᠨ ᠤ ᠺᠠᠳ᠋ᠷ ᠠᠵᠢᠯᠲᠠᠨ ᠥᠪᠡᠷᠲᠡᠭᠡᠨ ᠵᠠᠰᠠᠬᠤ ᠣᠷᠣᠨ ᠤ ᠡᠷᠬᠢᠮ ᠳᠡᠭᠡᠳᠦ ᠢᠷᠠᠭᠤ ᠠᠯᠳᠠᠷ ᠢ ᠨᠡᠩ ᠤᠬᠠᠮᠰᠠᠷ ᠠᠴᠠ ᠪᠠᠨ᠂ ᠨᠡᠩ ᠬᠦᠴᠦᠨ ᠲᠠᠢ᠂ ᠨᠡᠩ ᠤᠳᠠᠭᠠᠨ ᠳᠠᠭᠠᠭᠠᠮᠠᠭᠠᠢ ᠪᠠᠷ ᠰᠠᠶᠢᠲᠤᠷ ᠬᠠᠮᠠᠭᠠᠯᠠᠵᠤ᠂ ︽ᠳᠣᠯᠣᠭᠠᠨ ᠵᠢᠱᠢᠶᠡᠴᠢ︾ ᠶᠢᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠠᠯᠪᠢᠵᠤ ᠪᠠᠶᠢᠭ᠎ᠠ ᠬᠦᠰᠡᠯ ᠨᠠᠶᠢᠳᠠᠯᠭ᠎ᠠ ᠶᠢ ᠠᠵᠢᠯ ᠶᠠᠪᠤᠳᠠᠯ ᠬᠢᠵᠦ ᠦᠢᠯᠡᠰ ᠴᠣᠭᠴᠠᠯᠠᠬᠤ ᠶᠢᠨ ᠰᠦᠷ ᠳᠠᠯᠠᠶᠢᠴᠠᠲᠠᠢ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠲᠣᠰ ᠪᠡᠶ᠎ᠡ ᠶᠢᠨ ᠡᠭᠦᠷᠭᠡ ᠬᠠᠷᠢᠭᠤᠴᠠᠯᠭ᠎ᠠ ᠳᠠᠭᠠᠨ ᠰᠠᠭᠤᠷᠢᠯᠠᠨ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠬᠤᠯᠪᠣᠭᠳᠠᠬᠤ ᠠᠵᠢᠯ ᠤᠨ ᠡᠭᠦᠷᠭᠡ ᠶᠢ ᠬᠢᠨᠠᠮᠠᠭᠠᠢ ᠰᠠᠶᠢᠲᠤᠷ ᠠᠳᠬᠤᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠳᠤ ᠡᠭᠦᠷᠭᠡ ᠬᠠᠷᠢᠭᠤᠴᠠᠯᠭ᠎ᠠ ᠲᠠᠢ᠂ ᠵᠢᠳᠬᠦᠯ ᠴᠢᠷᠮᠠᠶᠢᠯᠭ᠎ᠠ ᠲᠠᠢ ᠪᠠᠶᠢᠬᠤ ᠬᠡᠷᠡᠭᠲᠡᠢ ᠭᠡᠪᠡ᠃      ᠲᠤᠰ ᠡᠳᠦᠷ   ᠵᠡᠭᠦᠨ ᠦᠵᠦᠮᠦᠴᠢᠨ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ 8 ᠳ᠋ᠤᠭᠠᠷ ᠤᠳᠠᠭᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠵᠢᠴᠢ ᠨᠠᠮᠤᠷ ᠤᠨ ᠤᠯᠠᠷᠢᠯ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠷᠠᠯ ᠢ ᠡᠷᠭᠢᠯᠡᠵᠦ᠂ ᠬᠤᠰᠢᠭᠤ ᠵᠠᠰᠠᠭ ᠤᠨ ᠣᠷᠳᠣᠨ ᠤ ᠬᠤᠰᠢᠭᠤᠨ ᠳᠤ ᠪᠠᠶᠢᠭ᠎ᠠ ᠡᠯ᠎ᠡ ᠳᠡᠳ᠋ ᠬᠤᠰᠢᠭᠤ ᠳᠠᠷᠤᠭ᠎ᠠ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃      ᠬᠤᠷᠠᠯ ᠠᠴᠠ᠂ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠤᠨ ᠬᠢᠨ ᠨᠠᠮᠤᠷ ᠤᠨ ᠤᠯᠠᠷᠢᠯ ᠤᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠣᠳᠣᠬᠠᠨ ᠤ ᠭᠤᠣᠯᠳᠠᠯᠭ᠎ᠠ ᠲᠠᠢ ᠠᠵᠢᠯ ᠢᠶᠠᠨ ᠪᠣᠯᠭᠠᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠣᠬᠢᠷᠠᠭᠤᠯᠵᠤ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠨᠢ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠲᠠᠢ ᠬᠤᠯᠪᠣᠭᠳᠠᠵᠤ᠂ ᠠᠵᠤ ᠠᠬᠤᠢ ᠶᠢᠨ ᠬᠥᠭᠵᠢᠯᠲᠡ ᠪᠠ ᠨᠡᠶᠢᠭᠡᠮ ᠤᠨ ᠲᠣᠭᠲᠠᠭᠤᠨ ᠤ ᠶᠡᠭᠡ ᠲᠠᠯ᠎ᠠ ᠲᠠᠢ ᠬᠤᠯᠪᠣᠭᠳᠠᠵᠤ ᠪᠠᠶᠢᠳᠠᠭ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠯᠠᠵᠤ᠂ ᠠᠵᠤ ᠠᠬᠤᠢ ᠶᠢᠨ ᠬᠥᠭᠵᠢᠯᠲᠡ ᠪᠠ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号