9  ᠳ᠋ᠤᠭᠡᠷ ᠰᠠᠷ᠎ᠠ ᠶᠢᠨ ᠵᠡᠭᠦᠨ ᠦᠵᠦᠮᠦᠴᠢᠨ ᠬᠤᠰᠢᠭᠤᠨ ᠤ ᠪᠥᠬᠦ ᠬᠤᠰᠢᠭᠤᠨ ᠤ ᠴᠢᠬᠤᠯᠠ ᠵᠠᠰᠠᠭ ᠤᠨ ᠶᠠᠪᠤᠳᠠᠯ ᠤᠨ ᠠᠵᠢᠯᠯᠠᠭ᠎ᠠ
ᠨᠡᠶᠢᠲᠡᠯᠡᠭᠰᠡᠨ ᠴᠠᠭ᠄
2023/11/16
      9 ᠰᠠᠷ᠎ᠠ ᠶᠢᠨ 1 ᠤ ᠡᠳᠦᠷ   ᠵᠡᠭᠦᠨ ᠦᠵᠦᠮᠦᠴᠢᠨ ᠬᠤᠰᠢᠭᠤᠨ ᠤ ᠦᠵᠦᠮᠦᠴᠢᠨ ᠠᠭᠤᠳᠠᠮ ᠲᠠᠯᠠᠪᠠᠢ ᠳᠤ ︽ᠨᠠᠮ ᠳᠠᠭᠠᠨ ᠳᠠᠯᠠᠷᠬᠠᠨ ᠨᠠᠮ ᠢᠶᠠᠨ ᠲᠠᠭᠠᠨ ᠡᠷᠡᠯᠬᠡᠭᠯᠡᠨ ᠤᠷᠤᠭᠰᠢᠯᠠᠵᠤ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ︾ 2023 ᠣᠨ ᠤ 40 ᠳ᠋ᠤᠭᠡᠷ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠡᠷᠭᠢᠯᠡᠵᠦ᠂ 2023 ᠣᠨ ᠤ 40 ᠳ᠋ᠤᠭᠡᠷ ᠪᠥᠬᠦ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯᠯᠠᠭ᠎ᠠ ᠶᠢᠨ ᠰᠠᠷ᠎ᠠ ᠶᠢᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠰᠠᠷᠠᠭᠤᠯᠲᠤᠶᠠᠭ᠎ᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ ᠠᠵᠢᠯᠯᠠᠭ᠎ᠠ ᠳᠤ ᠣᠷᠣᠯᠴᠠᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ ᠠᠯᠲᠠᠨᠪᠠᠭᠠᠨ᠎ᠠ ᠠᠵᠢᠯᠯᠠᠭ᠎ᠠ ᠶᠢ ᠡᠷᠭᠢᠯᠡᠪᠡ᠃      ★ 9 ᠰᠠᠷ᠎ᠠ ᠶᠢᠨ 5 ᠤ ᠡᠳᠦᠷ   ᠵᠡᠭᠦᠨ ᠦᠵᠦᠮᠦᠴᠢᠨ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠠᠵᠢᠯ ᠤᠨ ᠤᠳᠤᠷᠢᠳᠬᠤ ᠳᠤᠭᠤᠶᠢᠯᠠᠩ ᠬᠤᠰᠢᠭᠤ ᠦᠵᠦᠮᠦᠴᠢᠨ ᠲᠠᠯᠠᠪᠠᠶ ᠳᠤ ︽ᠠᠷᠠᠳ ᠲᠦᠮᠡᠨ ᠤ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠵᠤ᠂ ᠰᠠᠶᠢᠨ ᠰᠠᠶᠢᠬᠠᠨ ᠤᠮᠠᠷᠠᠲᠤ ᠬᠢᠯᠢ ᠶᠢᠨ ᠠᠮᠤᠷ ᠠᠮᠤᠭᠤᠯᠠᠩ ᠢ ᠰᠠᠬᠢᠨ ᠬᠠᠮᠠᠭᠠᠯᠠᠶ᠎ᠠ︾ ᠭᠡᠬᠦ ᠰᠦᠷᠳᠡᠭᠦᠯᠦᠯ ᠢ ᠡᠰᠡᠷᠭᠦᠴᠡᠬᠦ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠥᠷᠨᠢᠭᠦᠯᠵᠦ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ᠂ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠳᠠᠷᠤᠭ᠎ᠠ ᠪᠦᠬᠡ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ᠂ ᠬᠤᠰᠢᠭᠤ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠺᠧ ᠰᠢᠶᠣᠣ ᠮᠢᠩ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠵᠤ᠂ ᠪᠥᠬᠦ ᠬᠤᠰᠢᠭᠤᠨ ᠤ ᠰᠦᠷᠳᠡᠭᠦᠯᠦᠯ ᠢ ᠡᠰᠡᠷᠭᠦᠴᠡᠬᠦ ᠤᠳᠤᠷᠢᠳᠬᠤ ᠳᠤᠭᠤᠶᠢᠯᠠᠩ ᠤᠨ ᠡᠯ᠎ᠡ ᠪᠦᠷᠢᠯᠳᠦᠭᠦᠨ ᠨᠢᠭᠡᠴᠡ ᠶᠢᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃      ᠲᠤᠰ ᠡᠳᠦᠷ   ᠵᠡᠭᠦᠨ ᠦᠵᠦᠮᠦᠴᠢᠨ ᠬᠤᠰᠢᠭᠤᠨ ᠳᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠤᠨ 2023 ᠣᠨ ᠤ 4 ᠳ᠋ᠤᠭᠡᠷ ᠤᠳᠠᠭ᠎ᠠ ᠶᠢᠨ ᠬᠤᠷᠠᠯ ᠢ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠢᠴᠢ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠤᠰᠤᠳ ᠣᠳᠣᠷᠢᠳᠬᠤ ᠪᠠᠭ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠭᠢᠯᠡᠪᠡ᠃ ᠬᠤᠷᠠᠯ ᠳᠡᠭᠡᠷ᠎ᠡ᠂ ᠡᠨᠡ ᠵᠢᠯ ᠠᠴᠠ ᠨᠠᠰᠢᠬᠢ ᠪᠦᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠪᠠᠶᠢᠳᠠᠯ᠂ ᠪᠦᠬᠦ ᠬᠤᠰᠢᠭᠤᠨ ᠤ ︽ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠤᠭᠰᠠᠨ ᠵᠢᠴᠢ ᠭᠤᠣᠯᠳᠠᠯᠭ᠎ᠠ  ᠲᠠᠢ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠢᠪᠠᠳᠠᠨ ᠪᠠᠶᠢᠴᠠᠭᠠᠭᠰᠠᠨ ᠪᠠᠶᠢᠳᠠᠯ ᠢ ᠮᠡᠳᠡᠭᠳᠡᠪᠡ᠃ ᠬᠤᠰᠢᠭᠤ ᠬᠡᠷᠡᠭ ᠳᠠᠭᠠᠭᠠᠴᠢᠯᠠᠬᠤ ᠤᠳᠤᠷᠢᠳᠤᠯᠭ᠎ᠠ ᠶᠢᠨ ᠭᠤᠣᠯᠳᠠᠯᠭ᠎ᠠ ᠲᠠᠢ ᠵᠠᠬᠢᠳᠠᠯ ᠰᠣᠷᠪᠤᠯᠵᠢᠯᠠᠭ᠎ᠠ ᠶᠢᠨ ᠵᠦᠢᠯᠡᠰ ᠬᠡᠷᠡᠭ ᠳᠠᠭᠠᠭᠠᠴᠢᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠲᠣᠭᠲᠠᠭᠤᠨ ᠡᠵᠡᠮᠳᠡᠯ ᠢ ᠰᠢᠢᠳᠪᠦᠷᠢᠯᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠠ ᠤᠯᠢᠶᠠᠰᠤᠲᠠᠢ ᠪᠠᠯᠭᠠᠰᠤ ᠶᠢᠨ ᠵᠠᠬᠢᠳᠠᠯ ᠰᠣᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠬᠡᠷᠡᠭᠵᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠶᠢᠮᠠᠭ ᠤᠨ ᠵᠠᠬᠢᠳᠠᠯ ᠰᠣᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ 2023 ᠣᠨ ᠤ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠭᠰᠠᠨ ᠪᠥᠭᠡᠳ ᠣᠳᠣᠬᠠᠨ ᠤ ᠪᠥᠬᠦ ᠬᠤᠰᠢᠭᠤᠨ ᠤ ᠵᠠᠬᠢᠳᠠᠯ ᠰᠣᠷᠪᠤᠯᠵᠢᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠪᠠᠶᠢᠷᠢᠯᠠᠭᠤᠯᠤᠯᠲᠠ ᠬᠢᠵᠡᠢ᠃      9 ᠰᠠᠷ᠎ᠠ ᠶᠢᠨ 6 ᠤ ᠡᠳᠦᠷ   ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ᠂ ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠪᠠ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠳᠠᠷᠤᠢ ︽ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠡᠮᠨᠡᠯᠭᠡ ᠶᠢᠨ ᠬᠤᠯᠪᠣᠭᠠᠲᠤ ᠴᠣᠭᠴᠠ︾ ︽ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠠᠮᠠᠨ ᠬᠥᠨᠳᠡᠢ ᠶᠢᠨ ᠠᠨᠠᠭᠠᠬᠤ ᠤᠬᠠᠭᠠᠨ ᠤ ᠲᠤᠰᠬᠠᠢ ᠡᠮᠨᠡᠯᠭᠡ ᠶᠢᠨ ᠬᠤᠯᠪᠣᠭᠠᠲᠤ ᠴᠣᠭᠴᠠ︾ ᠶᠢᠨ ᠪᠦᠷᠢᠯᠳᠦᠭᠦᠨ ᠨᠢᠭᠡᠴᠢ ᠪᠣᠯᠵᠤ᠂ ᠡᠮᠨᠡᠯᠭᠡ ᠶᠢᠨ ᠬᠤᠯᠪᠣᠭᠠᠲᠤ ᠴᠣᠭᠴᠠ ᠶᠢᠨ ᠬᠠᠪᠰᠤᠷᠤᠨ ᠲᠡᠳᠭᠦᠬᠦ ᠭᠡᠷ᠎ᠡ ᠲᠤᠭᠲᠠᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠬᠢᠩᠭᠠᠨ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ᠂ ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠲᠤᠰᠬᠠᠢ ᠮᠡᠷᠭᠡᠵᠢᠯᠲᠡᠨ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ ᠡᠨᠡ ᠤᠳᠠᠭ᠎ᠠ ᠶᠢᠨ ᠭᠡᠷ᠎ᠡ ᠲᠣᠭᠲᠠᠭᠰᠠᠨ ᠨᠢ ᠵᠡᠭᠦᠨ ᠦᠵᠦᠮᠦᠴᠢᠨ ᠬᠤᠰᠢᠭᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠬᠦ ᠳᠤ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶ᠎ᠠ ᠶᠢᠨ ᠤᠯᠤᠰ ᠤᠨ ᠬᠠᠪᠰᠤᠷᠤᠨ ᠲᠡᠳᠬᠦᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠢᠯᠢ ᠬᠢᠵᠠᠭᠠᠷ ᠣᠷᠣᠨ ᠤ ᠡᠮ ᠡᠮᠨᠡᠯᠭᠡ ᠶᠢᠨ ᠬᠥᠭᠵᠢᠯᠲᠡ ᠶᠢ ᠳᠡᠮᠵᠢᠬᠦ ᠡᠭᠦᠷᠭᠡ ᠬᠠᠷᠢᠭᠤᠴᠠᠯᠭ᠎ᠠ ᠪᠠ ᠵᠢᠳᠬᠦᠯ ᠴᠢᠷᠮᠠᠶᠢᠯᠭ᠎ᠠ ᠶᠢ ᠬᠠᠷᠠᠭᠤᠯᠵᠠᠢ᠃ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ ᠨᠢ ᠲᠣᠰ ᠤᠳᠠᠭᠠᠨ ᠤ ᠬᠤᠯᠪᠣᠭ᠎ᠠ ᠪᠠᠷ ᠠᠵᠠ ᠲᠣᠬᠢᠶᠠᠯ ᠪᠣᠯᠭᠠᠵᠤ᠂ ᠪᠡᠭᠡᠵᠢᠩ ᠤᠨ ᠠᠭᠠᠷ ᠤᠨ ᠠᠶᠠᠯᠠᠯ ᠤᠨ ᠶᠡᠷᠦᠩᠬᠡᠢ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠵᠢᠴᠢ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠴᠢᠳᠠᠪᠤᠷᠢᠲᠠᠨ ᠢ ᠬᠥᠮᠥᠵᠢᠭᠦᠯᠬᠦ᠂ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ᠂ ᠠᠯᠤᠰ ᠠᠴᠠ ᠬᠠᠮᠲᠤᠷᠠᠨ ᠣᠨᠣᠰᠢᠯᠠᠬᠤ᠂ ᠲᠣᠭᠤᠷᠢᠨ ᠡᠮᠴᠢᠯᠡᠬᠦ ᠵᠡᠷᠭᠡ ᠲᠠᠯ᠎ᠠ ᠪᠠᠷ ᠣᠯᠠᠨ ᠲᠠᠰ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠥᠷᠨᠢᠭᠦᠯᠵᠦ᠂ ᠵᠡᠭᠦᠨ ᠦᠵᠦᠮᠦᠴᠢᠨ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠮᠡᠷᠭᠡᠵᠢᠯ ᠤᠨ ᠬᠢᠷᠢ ᠬᠡᠮᠵᠢᠶ᠎ᠡ ᠪᠠ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠦᠨᠡᠨᠬᠦ ᠳᠡᠭᠡᠭᠰᠢᠯᠡᠭᠦᠯᠦᠨ᠎ᠡ᠃ ᠭᠠᠷ ᠤᠨ ᠦᠰᠦᠭ ᠵᠢᠷᠤᠬᠤ ᠶᠣᠰᠣᠯᠠᠯ ᠤᠨ ᠳᠠᠷᠠᠭ᠎ᠠ ᠫᠠᠶᠢᠰᠠ ᠰᠡᠬᠦᠪᠡ᠃      ᠲᠤᠰ ᠡᠳᠦᠷ   ᠵᠡᠭᠦᠨ ᠦᠵᠦᠮᠦᠴᠢᠨ ᠬᠤᠰᠢᠭᠤᠨ ᠳᠤ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠥᠬᠦ ᠲᠠᠯ᠎ᠠ ᠪᠠᠷ ᠬᠡᠷᠡᠭᠵᠢᠭᠦᠯᠬᠦ ᠬᠤᠷᠠᠯ ᠵᠢᠴᠢ ᠬᠤᠰᠢᠭᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ 2023 ᠣᠨ ᠤ 2 ᠳ᠋ᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶ᠎ᠠ ᠶᠢᠨ ᠱᠦᠵᠢ ᠬᠢᠩᠭᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠭᠠᠲᠤᠷ᠂ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ ᠵᠡᠷᠭᠡ ᠭᠠᠵᠠᠷ ᠤᠨ ᠲᠠᠰ ᠠᠴᠠ ᠳᠡᠭᠡᠭᠰᠢᠬᠢ ᠪᠤᠭᠤᠲᠤ ᠶᠢᠨ ᠬᠤᠯᠪᠣᠭ᠎ᠠ ᠶᠢᠨ ᠭᠤᠣᠯᠳᠠᠯᠭ᠎ᠠ ᠲᠠᠢ ᠰᠤᠷᠭᠠᠭᠤᠯᠢ ᠶᠢᠨ ᠠᠵᠢᠯᠯᠠᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠢ ᠡᠷᠭᠢᠯᠡᠪᠡ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠳᠤᠭᠤᠶᠢᠯᠠᠩ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠠᠵᠢᠯ ᠤᠨ ᠠᠷᠭ᠎ᠠ ᠬᠡᠮᠵᠢᠶ᠎ᠡ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠠᠶᠢᠴᠠᠭᠠᠨ ᠰᠤᠳᠤᠯᠤᠯᠲᠠ ᠶᠢ ᠭᠦᠨᠵᠡᠭᠡᠢ ᠥᠷᠨᠢᠭᠦᠯᠦᠨ᠂ ᠡᠯ᠎ᠡ ᠰᠤᠷᠭᠠᠭᠤᠯᠢ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ︽ᠨᠢᠭᠡ ᠰᠤᠷᠭᠠᠭᠤᠯᠢ ᠳᠤ ᠨᠢᠭᠡ ᠲᠥᠷᠥ ᠶᠢᠨ ᠪᠣᠳᠣᠯᠭ᠎ᠠ︾ ᠵᠡᠷᠭᠡ ᠠᠷᠭ᠎ᠠ ᠬᠡᠮᠵᠢᠶ᠎ᠡ ᠶᠢ ᠠᠪᠴᠤ᠂ ᠡᠩᠨᠡᠭᠡ ᠶᠢᠨ ᠪᠠᠶᠢᠭᠤᠯᠤᠯᠲᠠ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠬᠡᠷᠡᠭᠵᠢᠭᠦᠯᠦᠨ ᠲᠣᠭᠲᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠬᠤ ᠬᠡᠷᠡᠭᠲᠡᠢ ᠭᠡᠪᠡ᠃      ★ 9 ᠰᠠᠷ᠎ᠠ ᠶᠢᠨ 7 ᠤ ᠡᠳᠦᠷ   ᠵᠡᠭᠦᠨ ᠦᠵᠦᠮᠦᠴᠢᠨ ᠬᠤᠰᠢᠭᠤᠨ ᠳᠤ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠠᠵᠢᠯ ᠢ ᠠᠬᠢᠭᠤᠯᠬᠤ ᠬᠤᠷᠠᠯ ᠵᠢᠴᠢ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠬᠡᠬᠦ ᠲᠤᠰᠬᠠᠢ ᠰᠡᠳᠦᠪᠲᠦ ᠪᠣᠯᠪᠠᠰᠤᠷᠠᠯ ᠤᠨ ᠠᠩᠭᠢ ᠡᠷᠭᠢᠯᠡᠵᠦ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠬᠤᠷᠠᠯ ᠳᠤ ᠣᠷᠣᠯᠴᠠᠵᠤ᠂ ᠬᠤᠰᠢᠭᠤ ᠵᠠᠰᠠᠭ ᠤᠨ ᠣᠷᠳᠣᠨ ᠤ ᠳᠡᠳ᠋ ᠳᠠᠷᠤᠭ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠺᠧ ᠰᠢᠶᠣᠣ ᠮᠢᠩ ᠬᠤᠷᠠᠯ ᠢ ᠡᠷᠭᠢᠯᠡᠪᠡ᠃ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ᠂ ᠬᠤᠪᠢᠳᠠᠨ ᠬᠠᠮᠢᠶᠠᠷᠬᠤ ᠬᠠᠷᠢᠭᠤᠴᠠᠯᠭᠠᠲᠠᠨ︔ ᠬᠤᠰᠢᠭᠤ ᠵᠠᠬᠢᠳᠠᠯ ᠰᠣᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠡᠯ᠎ᠡ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ︔ ᠬᠤᠰᠢᠭᠤ᠂ ᠰᠤᠮᠤ ᠪᠠᠯᠭᠠᠰᠤ ᠶᠢᠨ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠵᠠᠬᠢᠳᠠᠯ ᠰᠣᠷᠪᠤᠯᠵᠢᠯᠠᠭ᠎ᠠ ᠶᠢᠨ ᠣᠷᠣᠯᠠᠨ ᠭᠦᠢᠴᠡᠳᠭᠡᠭᠴᠢ ᠨᠢ ᠪᠣᠯᠪᠠᠰᠤᠷᠠᠭᠤᠯᠤᠯ ᠳᠤ ᠤᠷᠤᠯᠴᠠᠪᠠ᠃      ★ 9 ᠰᠠᠷ᠎ᠠ ᠶᠢᠨ 8 ᠤ ᠡᠳᠦᠷ  39 ᠳ᠋ᠤᠭᠡᠷ ᠪᠠᠭᠰᠢ ᠶᠢᠨ ᠪᠠᠶᠠᠷ ᠬᠦᠷᠴᠦ ᠢᠷᠡᠬᠦ ᠲᠠᠰᠢᠷᠠᠮ ᠢᠶᠠᠷ᠂ ᠵᠡᠭᠦᠨ ᠦᠵᠦᠮᠦᠴᠢᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠮᠡᠳᠡᠭᠦᠯᠦᠯᠲᠡ ᠶᠢᠨ ᠲᠢᠩᠬᠢᠮ ᠳᠤ 39 ᠳ᠋ᠤᠭᠡᠷ ᠪᠠᠭᠰᠢ ᠶᠢᠨ ᠪᠠᠶᠠᠷ ᠢ ᠪᠡᠯᠭᠡᠯᠡᠬᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠬᠢᠵᠦ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠪᠠᠭᠠᠲᠤᠷ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠪᠠᠲᠤᠮᠦ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠬᠤᠰᠢᠭᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠪᠠ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠭᠠᠨ ᠬᠥᠮᠦᠵᠢᠯ ᠤᠨ ᠪᠦᠬᠦ ᠬᠤᠰᠢᠭᠤᠨ ᠤ ᠬᠥᠭᠵᠢᠯᠲᠡ ᠶᠢᠨ ᠶᠡᠭᠡ ᠲᠠᠯ᠎ᠠ ᠳᠤᠮᠳᠠᠬᠢ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠭᠦᠢᠴᠡᠳ ᠲᠠᠨᠢᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠣᠰᠣ ᠮᠣᠷᠠᠯ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ ︾ ᠪᠣᠯᠣᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠬᠤᠶᠠᠷ ᠶᠡᠭᠡ ᠶᠠᠪᠤᠳᠠᠯ ᠢ ᠰᠤᠷᠭᠠᠨ ᠬᠥᠮᠦᠵᠢᠯ ᠤᠨ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠡᠭᠦᠷᠭᠡ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠠᠭᠰᠢ ᠶᠢ ᠬᠦᠨᠳᠦᠳᠬᠡᠵᠦ ᠰᠤᠷᠭᠠᠨ ᠬᠥᠮᠦᠵᠢᠯ ᠢ ᠴᠢᠬᠤᠯᠠᠴᠢᠯᠠᠬᠤ ᠰᠠᠶᠢᠨ ᠰᠠᠶᠢᠬᠠᠨ ᠬᠡᠪ ᠰᠤᠷᠲᠠᠯ ᠢ ᠶᠡᠬᠡᠪᠡᠷ ᠪᠠᠳᠠᠷᠠᠭᠤᠯᠵᠤ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠴᠦ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠤᠶᠤᠨ ᠴᠢᠳᠠᠯ ᠢᠶᠠᠨ ᠰᠢᠪᠬᠠᠨ ᠤᠯᠤᠰ ᠣᠷᠣᠨ ᠢᠶᠠᠨ ᠵᠠᠰᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠵᠡᠭᠦᠨ ᠦᠵᠦᠮᠦᠴᠢᠨ ᠬᠤᠰᠢᠭᠤᠨ ᠤ ᠣᠳᠣᠬᠢᠴᠢᠯᠠᠭᠰᠠᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠵᠤ᠂ ᠠᠷᠠᠳ ᠲᠦᠮᠡᠨ ᠳᠤ ᠦᠨᠡᠨᠬᠦ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠶᠢᠨ ᠲᠥᠯᠥᠭᠡ ᠴᠥᠬᠦᠷᠡᠰᠢ ᠦᠭᠡᠢ ᠴᠢᠷᠮᠠᠶᠢᠵᠠᠭᠠᠶ᠎ᠠ ᠭᠡᠪᠡ᠃      9 ᠰᠠᠷ᠎ᠠ ᠶᠢᠨ 11 ᠤ ᠡᠳᠦᠷ   ᠵᠡᠭᠦᠨ ᠦᠵᠦᠮᠦᠴᠢᠨ ᠬᠤᠰᠢᠭᠤ ︽ᠨᠡᠶᠢᠲᠡᠯᠢᠭ ᠬᠡᠯᠡ ᠶᠢ ᠲᠦᠭᠡᠮᠡᠯᠵᠢᠭᠦᠯᠵᠦ ᠰᠢᠨ᠎ᠡ ᠠᠶᠠᠨ ᠵᠠᠮ ᠢᠶᠠᠷ ᠤᠷᠤᠭᠰᠢᠯᠠᠶ᠎ᠠ︾ ᠭᠡᠬᠦ ᠭᠤᠣᠯ ᠰᠡᠳᠦᠪᠲᠦ 26 ᠳ᠋ᠤᠭᠠᠷ ᠬᠤᠭᠤᠴᠠᠭᠠᠨ ᠤ ᠪᠥᠬᠦ ᠤᠯᠤᠰ ᠤᠨ ᠨᠡᠶᠢᠲᠡᠯᠢᠭ ᠬᠡᠯᠡ ᠶᠢ ᠲᠦᠭᠡᠮᠡᠯᠵᠢᠭᠦᠯᠬᠦ ᠤᠬᠠᠭᠤᠯᠭ᠎ᠠ ᠶᠢᠨ ᠭᠠᠷᠠᠭ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ᠃ ᠬᠤᠰᠢᠭᠤ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠡᠷᠬᠢᠯᠡᠭᠴᠢ᠂ ᠵᠠᠰᠠᠭ ᠤᠨ ᠣᠷᠳᠣᠨ ᠤ ᠳᠡᠳ᠋ ᠳᠠᠷᠤᠭ᠎ᠠ ᠶᠣᠣ ᠬᠠᠢ ᠰᠢᠶᠠ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤ ᠦᠭᠡ ᠬᠡᠯᠡ ᠥᠰᠥᠭ ᠪᠢᠴᠢᠭ ᠤᠨ ᠠᠵᠢᠯ ᠤᠨ ᠵᠥᠪᠯᠡᠯ ᠤᠨ ᠡᠯ᠎ᠡ ᠪᠦᠷᠢᠯᠳᠦᠭᠦᠨ ᠨᠢᠭᠡᠴᠡ ᠶᠢᠨ ᠬᠠᠷᠢᠭᠤᠴᠠᠯᠭᠠᠲᠠᠳ᠂ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠪᠠᠭᠰᠢ ᠰᠤᠷᠤᠭᠴᠢᠳ ᠤᠨ ᠲᠥᠯᠥᠭᠡᠯᠡᠭᠴᠢ ᠶᠣᠰᠣᠯᠠᠯ ᠳᠤ ᠣᠷᠣᠯᠴᠠᠵᠠᠢ᠃      ★ 9 ᠰᠠᠷ᠎ᠠ ᠶᠢᠨ 12 ᠤᠨ ᠡᠳᠦᠷ  ᠳᠤᠮᠳᠠᠳᠤ ᠤᠯᠤᠰ ᠵᠡᠭᠦᠨ ᠦᠵᠦᠮᠦᠴᠢᠨ ᠬᠤᠰᠢᠭᠤᠨ ᠠᠴᠠ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ᠂ ᠳᠣᠷᠣᠨᠠᠲᠤ ᠠᠶᠢᠮᠠᠭ ᠲᠤ ᠭᠠᠯ ᠤᠨᠲᠠᠷᠠᠭᠠᠭᠤᠷ ᠬᠦᠷᠭᠡᠬᠦ ᠶᠣᠰᠣᠯᠠᠯ ᠤᠯᠢᠶᠠᠰᠤᠲᠠᠢ ᠪᠠᠯᠭᠠᠰᠤᠨ ᠳᠤ ᠶᠠᠪᠤᠭᠳᠠᠪᠠ᠃ ᠮᠣᠩᠭᠤᠯ ᠤᠯᠤᠰ ᠤᠨ ᠰᠦᠬᠡᠪᠠᠭᠠᠲᠤᠷ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠰᠠᠶᠢᠳ᠂ ᠬᠤᠷᠠᠩᠳᠠ ᠠᠩᠬᠠᠪᠠᠶᠠᠷ᠂ ᠮᠣᠩᠭᠤᠯ ᠤᠯᠤᠰ ᠤᠨ ᠳᠣᠷᠣᠨᠠᠲᠤ ᠠᠶᠢᠮᠠᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠰᠠᠶᠢᠳ᠂ ᠬᠤᠷᠠᠩᠳᠠ ᠨᠠᠷᠠᠨᠮᠠᠨᠳᠤᠬᠤ ᠲᠣᠰ ᠲᠣᠰ ᠢᠯᠡᠷᠬᠡᠶᠢᠯᠡᠬᠦ ᠳᠡᠭᠡᠨ᠂ ᠳᠤᠮᠳᠠᠳᠤ ᠶᠢᠨ ᠲᠠᠯ᠎ᠠ ᠶᠢᠨ ᠪᠡᠯᠡᠭᠯᠡᠭᠰᠡᠨ ᠭᠠᠯ ᠤᠨᠲᠠᠷᠠᠭᠠᠬᠤ ᠪᠠᠭᠠᠵᠢ ᠬᠡᠷᠡᠭᠰᠡᠯ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠬᠤᠶᠠᠷ ᠲᠠᠯ᠎ᠠ ᠶᠢᠨ ᠭᠠᠯ ᠰᠡᠷᠭᠡᠶᠢᠯᠡᠬᠦ ᠬᠠᠮᠲᠤᠷᠠᠭᠰᠠᠨ ᠬᠡᠯᠡᠯᠴᠡᠭᠡᠷ ᠤᠨ ᠱᠠᠭᠠᠷᠳᠠᠯᠭ᠎ᠠ ᠶᠣᠰᠣᠭᠠᠷ ᠬᠤᠶᠠᠷ ᠲᠠᠯ᠎ᠠ ᠶᠢᠨ ᠨᠡᠪᠲᠡᠷᠡᠯᠴᠡᠭᠡ ᠬᠠᠷᠢᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠦᠨ᠂ ᠭᠠᠯ ᠤᠨ ᠭᠠᠮᠰᠢᠭ ᠤᠨ ᠳᠠᠯᠳᠠ ᠬᠡᠮ ᠢ ᠬᠠᠮᠲᠤ ᠪᠠᠷ ᠰᠡᠷᠭᠡᠶᠢᠯᠡᠨ ᠠᠷᠢᠯᠭᠠᠨ᠎ᠠ ᠭᠡᠵᠡᠢ᠃      ★ 9 ᠰᠠᠷ᠎ᠠ ᠶᠢᠨ 11 ᠤ ᠡᠳᠦᠷ ᠠᠴᠠ 15 ᠤ ᠡᠳᠦᠷ ᠪᠣᠯᠲᠠᠯ᠎ᠠ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠱᠦᠵᠢ ᠬᠢᠩᠭᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠬᠤᠰᠢᠭᠤ ᠳᠠᠷᠤᠭ᠎ᠠ ᠰᠢᠦᠢ ᠶᠢᠩ ᠵᠢᠶᠠᠨ ᠪᠦᠯᠬᠦᠮ ᠳᠠᠭᠠᠭᠤᠯᠤᠨ ᠭᠠᠳᠠᠭᠰᠢ ᠭᠠᠷᠴᠤ ᠭᠤᠣᠯᠳᠠᠯᠭ᠎ᠠ ᠲᠠᠢ ᠵᠦᠢᠯᠡᠰ ᠢ ᠪᠠᠶᠢᠴᠠᠭᠠᠨ ᠵᠣᠯᠭᠠᠭᠤᠯᠵᠤ᠂ ᠬᠠᠮᠲᠤᠷᠠᠯᠴᠠᠭᠠᠨ ᠤ ᠤᠴᠢᠷ ᠶᠠᠪᠤᠳᠠᠯ ᠢ ᠵᠥᠪᠳᠡᠯᠴᠡᠪᠡ᠃ ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠰᠢ ᠶᠢᠨ ᠫᠢᠩ 9 ᠰᠠᠷ᠎ᠠ ᠶᠢᠨ 18 ᠤ ᠡᠳᠦᠷ   ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠠᠩᠬᠠᠳᠤᠭᠠᠷ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠤᠭᠤᠶᠢᠯᠠᠩ ᠤᠨ ᠳᠠᠷᠤᠭ᠎ᠠ ᠵᠢᠴᠢ ᠭᠡᠰᠢᠭᠦᠳ ᠬᠤᠷᠠᠯ ᠳᠤ ᠣᠷᠣᠯᠴᠠᠪᠠ᠃ ᠬᠤᠷᠠᠯ ᠠᠴᠠ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠦᠨᠡᠨᠬᠦ ᠰᠢ ᠶᠢᠨ ᠫᠢᠩ ᠤᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠵᠢᠴᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ ᠪᠣᠯᠣᠨ ᠬᠤᠰᠢᠭᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠬᠦ ᠬᠡᠷᠡᠭᠲᠡᠢ᠃ ︽ᠦᠵᠡᠯ ᠰᠠᠨᠠᠭ᠎ᠠ ᠶᠢ ᠰᠤᠷᠤᠯᠴᠠᠬᠤ᠂ ᠨᠠᠮᠴᠢ ᠴᠢᠨᠠᠷ ᠢ ᠴᠢᠩᠭᠠᠳᠬᠠᠬᠤ᠂ ᠦᠢᠯᠡᠳᠦᠯᠭᠡ ᠶᠢ ᠴᠢᠬᠤᠯᠠᠴᠢᠯᠠᠬᠤ᠂ ᠰᠢᠨ᠎ᠡ ᠭᠠᠪᠢᠶ᠎ᠠ ᠪᠠᠶᠢᠭᠤᠯᠬᠤ︾ ᠶᠡᠷᠦᠩᠬᠡᠢ ᠱᠠᠭᠠᠷᠳᠠᠯᠭ᠎ᠠ ᠶᠢ ᠪᠦᠬᠦ ᠶᠠᠪᠤᠴᠠ ᠳᠤ ᠲᠤᠤᠱᠯᠠᠭᠤᠯᠵᠤ᠂ ᠤᠨᠤᠯ ᠤᠨ ᠰᠤᠷᠤᠯᠴᠠᠯᠭ᠎ᠠ᠂ ᠪᠠᠶᠢᠴᠠᠭᠠᠨ ᠰᠤᠳᠤᠯᠤᠯᠲᠠ ᠬᠢᠬᠦ᠂ ᠬᠥᠭᠵᠢᠯᠲᠡ ᠶᠢ ᠠᠬᠢᠭᠤᠯᠬᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ᠂ ᠳᠦᠷᠢᠮ ᠲᠣᠭᠲᠠᠭᠠᠯ ᠲᠣᠭᠲᠠᠭᠠᠬᠤ ᠶᠢ ᠨᠠᠪᠲᠠᠷᠡᠭᠦᠯᠵᠦ᠂ ᠨᠢᠭᠡ ᠴᠣᠭᠴᠠᠵᠢᠭᠤᠯᠤᠨ ᠠᠬᠢᠭᠤᠯᠵᠤ᠂ ᠭᠤᠣᠯ ᠰᠡᠳᠦᠪᠲᠦ ᠬᠥᠮᠦᠵᠢᠯ ᠤᠨ ᠴᠢᠭᠯᠡᠯ ᠢ ᠬᠡᠯᠪᠡᠶᠢᠬᠦ ᠦᠭᠡᠢ᠂ ᠭᠤᠣᠯᠳᠠᠯᠭ᠎ᠠ ᠶᠢ ᠰᠢᠯᠵᠢᠭᠦᠯᠬᠦ ᠦᠭᠡᠢ ᠪᠠᠶᠢᠬᠤ ᠶᠢ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠬᠦᠴᠦ ᠪᠠᠨ ᠲᠥᠪᠯᠡᠷᠡᠭᠦᠯᠦᠨ ᠭᠤᠣᠯ ᠰᠡᠳᠦᠪᠲᠦ ᠬᠥᠮᠦᠵᠢᠯ ᠤᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠭᠤᠣᠯ ᠰᠡᠳᠦᠪᠲᠦ ᠬᠥᠮᠦᠵᠢᠯ ᠢ ᠥᠷᠨᠢᠭᠦᠯᠬᠦ ᠪᠠ ᠵᠡᠭᠦᠨ ᠦᠵᠦᠮᠦᠴᠢᠨ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠠᠬᠢᠭᠤᠯᠬᠤ ᠶᠢ ᠨᠢᠭᠲᠠ ᠤᠶᠠᠯᠳᠤᠭᠤᠯᠵᠤ᠂ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠠᠮᠵᠢᠯᠲᠠ ᠪᠦᠲᠦᠮᠵᠢ ᠭᠠᠷᠭᠠᠬᠤ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃      ★ 9 ᠰᠠᠷ᠎ᠠ ᠶᠢᠨ 21 ᠤ ᠡᠳᠦᠷ   ᠵᠡᠭᠦᠨ ᠦᠵᠦᠮᠦᠴᠢᠨ ᠬᠤᠰᠢᠭᠤ ︽ᠨᠠᠢᠮᠠᠨ ᠰᠠᠷ᠎ᠠ ᠶᠢᠨ ᠠᠷᠪᠠᠨ ᠲᠠᠪᠤᠨ ᠤ ᠪᠠᠶᠠᠷ᠂ ᠤᠯᠤᠰ ᠤᠨ ᠪᠠᠶᠠᠷ︾ ᠤᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠬᠤᠷᠠᠯ ᠵᠢᠴᠢ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ 2023 ᠣᠨ ᠤ ᠶᠢᠰᠦᠳᠦᠭᠡᠷ ᠤᠳᠠᠭᠠᠨ ᠤ ᠠᠵᠢᠯ ᠤᠨ ᠡᠭᠡᠯᠵᠢᠲᠦ ᠬᠤᠷᠠᠯ ᠬᠢᠵᠦ᠂ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠦ ᠢᠦᠢ ᠯᠦᠩ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠷᠠᠯ ᠢ ᠡᠷᠭᠢᠯᠡᠵᠦ᠂ ᠬᠤᠰᠢᠭᠤ ᠵᠠᠰᠠᠭ ᠤᠨ ᠣᠷᠳᠣᠨ ᠤ ᠡᠯ᠎ᠡ ᠳᠡᠳ᠋ ᠬᠤᠰᠢᠭᠤ ᠳᠠᠷᠤᠭ᠎ᠠ᠂ ᠡᠯ᠎ᠡ ᠰᠤᠮᠤ ᠪᠠᠯᠭᠠᠰᠤ ︵ᠲᠠᠯᠠᠪᠠᠶ︶ ᠶᠢᠨ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ᠂ ᠬᠤᠰᠢᠭᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠦᠷᠢᠯᠳᠦᠭᠦᠨ ᠨᠢᠭᠡᠴᠡ ᠶᠢᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃ ᠬᠤᠷᠠᠯ ᠠᠴᠠ᠂ ᠡᠯ᠎ᠡ ᠰᠤᠮᠤ ᠪᠠᠯᠭᠠᠰᠤ ︵ᠲᠠᠯᠠᠪᠠᠢ︶᠂ ᠡᠯ᠎ᠡ ᠠᠵᠢᠯ ᠲᠦᠷᠦᠯ ᠤᠨ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠢᠨ ᠲᠣᠪᠣᠶᠢᠮ᠎ᠠ ᠠᠶᠤᠯ ᠲᠦᠭᠰᠢᠭᠦᠷᠢ ᠶᠢᠨ ᠬᠡᠮ ᠰᠣᠭᠤᠭ ᠢ ᠴᠢᠩᠭ᠎ᠠ ᠠᠩᠬᠠᠷᠴᠤ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠯ᠎ᠡ ᠵᠦᠢᠯ ᠤᠨ ᠰᠡᠷᠭᠡᠶᠢᠯᠡᠬᠦ ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠳᠡᠯ ᠤᠨ ᠭᠠᠮᠰᠢᠭ ᠢ ᠪᠦᠲᠦᠮᠵᠢᠲᠡᠢ ᠰᠡᠷᠭᠡᠶᠢᠯᠡᠨ ᠠᠷᠭᠠᠴᠠᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠠᠮᠤᠷ ᠤᠨ ᠤᠯᠠᠷᠢᠯ ᠤᠨ ᠨᠤᠲᠤᠭ ᠪᠡᠯᠴᠢᠭᠡᠷ ᠤᠢ ᠰᠢᠭᠤᠢ ᠶᠢᠨ ᠭᠠᠯ ᠰᠡᠷᠭᠡᠶᠢᠯᠡᠬᠦ ᠠᠵᠢᠯ ᠪᠣᠯ ᠣᠳᠣᠬᠠᠨ ᠤ ᠭᠤᠣᠯᠳᠠᠯᠭ᠎ᠠ ᠲᠠᠢ ᠠᠵᠢᠯ ᠪᠣᠯᠬᠤ ᠲᠤᠯᠠ᠂ ᠡᠯ᠎ᠡ ᠭᠠᠵᠠᠷ ᠣᠷᠤᠨ᠂ ᠡᠯ᠎ᠡ ᠰᠠᠯᠠᠭ᠎ᠠ ᠮᠥᠴᠢᠷ ᠨᠢ ᠭᠠᠯ ᠰᠡᠷᠭᠡᠶᠢᠯᠡᠬᠦ ᠠᠵᠢᠯ ᠤᠨ ᠲᠤᠶᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠭᠠᠯ ᠰᠡᠷᠭᠡᠶᠢᠯᠡᠨ ᠤᠨᠲᠠᠷᠠᠭᠠᠬᠤ ᠠᠯᠢᠪᠠ ᠪᠡᠯᠡᠳᠬᠡᠯ ᠢ ᠰᠠᠶᠢᠲᠤᠷ ᠬᠢᠬᠦ ᠶᠢᠨ ᠬᠠᠮᠲᠤ ᠭᠠᠯ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠬᠤ ᠬᠡᠷᠡᠭᠲᠡᠢ ᠭᠡᠪᠡ᠃      ★ 9 ᠰᠠᠷ᠎ᠠ ᠶᠢᠨ 25 ᠤ ᠡᠳᠦᠷ   ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠭᠰᠡᠨ ᠵᠡᠭᠦᠨ ᠦᠵᠦᠮᠦᠴᠢᠨ ᠬᠤᠰᠢᠭᠤᠨ ᠤ ᠠᠷᠪᠠᠳᠤᠭᠠᠷ ᠬᠤᠭᠤᠴᠠᠭᠠᠨ ᠤ ︽ᠦᠵᠦᠮᠦᠴᠢᠨ ᠬᠤᠨᠢᠨ ᠤ ᠪᠠᠶᠠᠷ︾ ᠵᠡᠭᠦᠨ ᠦᠵᠦᠮᠦᠴᠢᠨ ᠬᠤᠰᠢᠭᠤᠨ ᠤ ᠦᠵᠦᠮᠦᠴᠢᠨ ᠬᠤᠨᠢᠨ ᠤ ᠤᠤᠯ ᠡᠭᠦᠯᠳᠡᠷ ᠤᠨ ᠲᠠᠯᠠᠪᠠᠶ ᠳᠤ ᠡᠬᠢᠯᠡᠪᠡ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠧᠦ ᠢᠦᠢ ᠯᠦᠩ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠲᠡᠷᠢᠭᠦᠯᠡᠭᠴᠢ ᠪᠠᠲᠤᠮᠦ᠋ᠩᠬᠡ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ ᠠᠯᠮᠠᠰ ᠵᠡᠷᠭᠡ ᠤᠳᠤᠷᠢᠳᠤᠯᠭ᠎ᠠ ᠠᠵᠢᠯᠯᠠᠭ᠎ᠠ ᠳᠤ ᠣᠷᠣᠯᠴᠠᠪᠠ᠃ ᠠᠶᠢᠮᠠᠭ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠪᠡᠭᠡᠵᠢᠩ᠂ ᠵᠧᠵᠢᠶᠠᠩ ᠵᠡᠷᠭᠡ ᠭᠠᠵᠠᠷ ᠤᠨ ᠠᠵᠤ ᠠᠬᠤᠶᠢᠯᠠᠯ᠂ ᠵᠠᠭᠤᠴᠢᠯᠠᠭᠤᠷ ᠤᠨ ᠲᠥᠯᠥᠭᠡᠯᠡᠭᠴᠢ ᠠᠵᠢᠯᠯᠠᠭ᠎ᠠ ᠳᠤ ᠣᠷᠣᠯᠴᠠᠵᠠᠢ᠃ ᠡᠬᠢᠯᠡᠯᠲᠡ ᠶᠢᠨ ᠶᠣᠰᠣᠯᠠᠯ ᠳᠠᠭᠤᠰᠤᠭᠰᠠᠨ ᠤ ᠳᠠᠷᠠᠭ᠎ᠠ᠂ ᠠᠵᠢᠯᠯᠠᠭ᠎ᠠ ᠳᠤ ᠣᠷᠣᠯᠴᠠᠭᠰᠠᠨ ᠤᠳᠤᠷᠢᠳᠤᠯᠭ᠎ᠠ ᠦᠵᠦᠮᠦᠴᠢᠨ ᠬᠤᠨᠢ ᠶᠢ ᠰᠢᠯᠭᠠᠷᠠᠭᠤᠯᠬᠤ ᠲᠤᠬᠠᠢ ᠶᠢᠨ ᠲᠠᠯᠠᠪᠠᠶ ᠵᠢᠴᠢ ᠦᠵᠡᠭᠦᠯᠦᠯᠭᠡ ᠶᠢᠨ ᠠᠵᠢᠯᠯᠠᠭ᠎ᠠ ᠶᠢᠨ ᠲᠤᠬᠠᠢ ᠶᠢᠨ ᠲᠠᠯᠠᠪᠠᠶ ᠳᠤ ᠬᠦᠷᠴᠦ ᠲᠣᠭᠤᠷᠢᠨ ᠦᠵᠡᠪᠡ᠃      9 ᠰᠠᠷ᠎ᠠ ᠶᠢᠨ 26 ᠤ ᠡᠳᠦᠷ   ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨ ᠦᠵᠦᠮᠦᠴᠢᠨ ᠬᠤᠰᠢᠭᠤᠨ ᠤ ᠬᠤᠷᠢᠶ᠎ᠠ ᠳᠤᠮᠳᠠᠳᠤ ᠤᠯᠤᠰ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠨᠢᠭᠡᠳᠦᠭᠡᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠲᠥᠪᠯᠡᠷᠡᠭᠦᠯᠦᠨ ᠨᠣᠮ ᠤᠩᠰᠢᠵᠤ ᠰᠤᠷᠤᠯᠴᠠᠬᠤ ᠬᠤᠷᠠᠯ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠢ ᠡᠷᠬᠢᠯᠡᠵᠥ᠂ ᠬᠤᠰᠢᠭᠤ ᠤᠳᠤᠷᠢᠳᠤᠯᠭ᠎ᠠ ᠵᠧᠦ ᠢᠦᠢ ᠯᠦᠩ᠂ ᠪᠠᠭᠠᠲᠤᠷ᠂ ᠪᠠᠲᠤᠮᠦ᠋ᠩᠬᠡ᠂ ᠠᠯᠮᠠᠰ ᠨᠠᠷ ᠬᠤᠷᠠᠯ ᠳᠤ ᠣᠷᠣᠯᠴᠠᠪᠠ ᠃ ᠬᠤᠷᠠᠯ ᠠᠴᠠ᠂ ᠪᠦᠬᠦ ᠨᠠᠮ ᠢᠶᠠᠷ ᠢᠶᠠᠨ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠢ ᠥᠷᠨᠢᠭᠦᠯᠬᠦ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠮᠥᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ ᠮᠥᠨ᠃ ᠤᠭ ᠵᠣᠬᠢᠶᠠᠯ ᠢ ᠲᠡᠷᠡ ᠬᠡᠪ ᠢᠶᠠᠷ ᠨᠢ ᠤᠩᠰᠢᠵᠤ ᠤᠭ ᠵᠣᠬᠢᠶᠠᠯ ᠢ ᠨᠢ ᠰᠤᠷᠤᠯᠴᠠᠵᠤ᠂ ᠤᠭ ᠶᠣᠰᠣ ᠶᠢ ᠨᠠᠷᠢᠨ ᠬᠢᠨᠠᠮᠠᠭᠠᠢ ᠣᠶᠢᠯᠠᠭᠠᠵᠤ ᠤᠭ ᠤᠳᠬ᠎ᠠ ᠶᠢ ᠨᠢ ᠣᠶᠢᠯᠠᠭᠠᠵᠤ᠂ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠡᠷᠡᠰ ᠪᠠᠲᠤ ᠬᠦᠰᠡᠯᠡᠩ᠂ ᠨᠠᠮᠴᠢ ᠴᠢᠨᠠᠷ ᠢ ᠳᠠᠪᠲᠠᠨ ᠪᠣᠯᠪᠠᠰᠤᠷᠠᠭᠤᠯᠬᠤ ᠪᠠ ᠦᠢᠯᠡᠳᠦᠯᠭᠡ ᠶᠢ ᠵᠢᠯᠤᠭᠤᠳᠬᠤ᠂ ᠠᠵᠢᠯ ᠢ ᠠᠬᠢᠭᠤᠯᠬᠤ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ᠃ ᠬᠤᠷᠠᠯ ᠳᠤ ᠣᠷᠣᠯᠴᠠᠭᠰᠠᠳ ᠵᠢᠱᠢᠶ᠎ᠡ ᠦᠵᠡᠭᠦᠯᠦᠨ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠪᠥᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ᠭᠤᠣᠯ ᠰᠡᠳᠦᠪᠲᠦ ᠬᠥᠮᠦᠵᠢᠯ ᠢ ᠰᠠᠶᠢᠲᠤᠷ ᠠᠳᠬᠤᠬᠤ ᠶᠢ ᠬᠥᠲᠥᠯᠥᠨ ᠳᠠᠭᠠᠭᠤᠯᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭᠠᠷᠳᠠᠯᠭ᠎ᠠ᠂ ᠨᠠᠩ ᠪᠣᠳᠠᠲᠠᠢ ᠰᠤᠷᠲᠠᠯ ᠢᠶᠠᠷ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭ ᠨᠠᠶᠢᠳᠠᠪᠤᠷᠢᠵᠢᠭᠤᠯᠬᠤ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃      ★ 9 ᠰᠠᠷ᠎ᠠ ᠶᠢᠨ 30 ᠤ ᠡᠳᠦᠷ ᠪᠣᠯ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠳᠤᠭᠠᠷ ᠤᠯᠤᠰ ᠤᠨ ᠨᠥᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠮᠥᠨ᠂ ᠨᠥᠭᠴᠢᠭᠰᠡᠨ ᠪᠠᠭᠠᠲᠤᠷᠴᠤᠳ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠨᠥᠭᠴᠢᠭᠰᠡᠨ ᠪᠠᠭᠠᠲᠤᠷᠴᠤᠳ ᠤᠨ ᠭᠠᠪᠢᠶ᠎ᠠ ᠵᠢᠳᠬᠦᠯ ᠢ ᠳᠤᠷᠠᠰᠤᠨ ᠰᠠᠨᠠᠭᠠᠯᠵᠠᠬᠤ ᠶᠢᠨ ᠲᠥᠯᠥᠭᠡ᠂ ᠵᠡᠭᠦᠨ ᠦᠵᠦᠮᠦᠴᠢᠨ ᠬᠤᠰᠢᠭᠤᠨ ᠤ ᠨᠥᠭᠴᠢᠭᠰᠡᠨ ᠪᠠᠭᠠᠲᠤᠷᠴᠤᠳ ᠤᠨ ᠣᠩᠭᠤᠨ ᠤ ᠬᠦᠷᠢᠶᠡᠯᠡᠩ ᠳᠤ 2023 ᠣᠨ ᠤ ᠨᠥᠭᠴᠢᠭᠰᠡᠨ ᠪᠠᠭᠠᠲᠤᠷᠴᠤᠳ ᠤᠨ ᠳᠤᠷᠠᠰᠬᠠᠯ ᠤᠨ ᠡᠳᠦᠷ ᠤᠨ ᠨᠡᠶᠢᠲᠡ ᠶᠢᠨ ᠲᠠᠬᠢᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠳᠤᠮᠳᠠ᠂ ᠤᠯᠠᠨ ᠢᠶᠠᠷ ᠢᠶᠠᠨ᠂ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠡᠷᠡᠯᠬᠡᠭ ᠪᠠᠭᠠᠲᠤᠷᠯᠢᠭ᠂ ᠨᠠᠮ ᠠᠷᠠᠳ ᠲᠦᠮᠡᠨ ᠤ ᠲᠥᠯᠥᠭᠡ᠂ ᠦᠷᠡᠭᠳᠡᠯ ᠰᠦᠢᠳᠦᠯ ᠠᠴᠠ ᠠᠶᠤᠬᠤ ᠦᠭᠡᠢ ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ ᠶᠢ ᠢᠳᠡᠪᠬᠢᠲᠡᠢ ᠰᠤᠷᠤᠯᠴᠠᠵᠤ᠂ ᠢᠮᠠᠭᠲᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠢᠮᠠᠭᠲᠠ ᠬᠤᠪᠢᠰᠬᠠᠯ ᠤᠨ ᠮᠥᠨ ᠴᠢᠨᠠᠷ ᠢᠶᠠᠨ ᠪᠠᠲᠤᠯᠠᠵᠤ᠂ ᠠᠮᠢᠳᠤᠷᠠᠬᠤᠢ ᠶᠢᠨ ᠬᠥᠭᠡᠭᠡᠴᠡᠯᠳᠦᠯ ᠢᠶᠠᠨ ᠪᠠᠲᠤ ᠰᠠᠬᠢᠵᠤ᠂ ᠨᠠᠮ ᠠᠴᠠ ᠳᠠᠭᠠᠭᠠᠯᠭᠠᠭᠰᠠᠨ ᠢᠷᠠᠭᠤ ᠠᠯᠳᠠᠷᠲᠤ ᠡᠭᠦᠷᠭᠡ ᠪᠠᠨ ᠦᠨᠡᠨᠴᠢ ᠪᠠᠷ ᠭᠦᠢᠴᠡᠳᠬᠡᠵᠦ᠂ ᠲᠡᠦᠬᠡ ᠳᠤ ᠣᠰᠣᠯᠳᠠᠬᠤ ᠦᠭᠡᠢ᠂ ᠠᠷᠠᠳ ᠲᠦᠮᠡᠨ ᠳᠤ ᠣᠰᠣᠯᠳᠠᠬᠤ ᠦᠭᠡᠢ ᠠᠮᠵᠢᠯᠲᠠ ᠪᠦᠲᠦᠮᠵᠢ ᠶᠢ ᠲᠠᠰᠤᠷᠠᠯᠲᠠ ᠦᠭᠡᠢ ᠡᠭᠦᠳᠴᠦ᠂ ᠪᠣᠳᠠᠲᠤ ᠠᠵᠢᠯᠯᠠᠭ᠎ᠠ ᠪᠠᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠲᠠᠶᠢᠳᠬᠤᠷᠠᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号