ᠬᠠᠳᠤᠯᠠᠩ ᠢ ᠰᠢᠨᠵᠢᠯᠡᠬᠦ ᠤᠬᠠᠭᠠᠨᠴᠢ ᠪᠠᠷ ᠬᠠᠮᠠᠭᠠᠯᠠᠵᠤ᠂ ᠦᠨᠢ ᠡᠬᠦᠷᠢᠳᠡ ᠠᠰᠢᠭᠯᠠᠨ᠂ ᠡᠪᠡᠰᠣ ᠬᠠᠳᠤᠬᠤ | ᠠᠵᠢᠯᠯᠠᠭ᠎ᠠ ᠶᠢ ᠤᠯᠠᠮ ᠨᠢᠭᠡ ᠠᠯᠬᠤᠮ ᠳᠦᠷᠢᠮᠵᠢᠬᠦᠯᠵᠣ᠂ ᠨᠤᠲᠤᠭ ᠪᠡᠯᠴᠢᠭᠡᠷ ᠤᠨ ᠠᠮᠢ ᠠᠬᠤᠢ ᠶᠢᠨ ᠣᠷᠴᠢᠨ | ᠲᠣᠭᠤᠷᠢᠨ ᠢ ᠦᠨᠡᠨᠬᠦ ᠬᠠᠮᠠᠭᠠᠯᠠᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠨᠣᠳᠤᠭ ᠪᠡᠯᠴᠢᠭᠡᠷ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠭᠡ | ᠲᠣᠰᠬᠤᠨ ᠤ ᠭᠠᠵᠠᠷ ᠰᠢᠷᠣᠢ ᠶᠢᠨ ᠳᠠᠭᠠᠭᠠᠴᠢᠯᠠᠯᠲᠠ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠂ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠦᠨᠳᠦᠰᠦᠨ ᠨᠤᠲᠤᠭ ᠪᠡᠯᠴᠢᠭᠡᠷ ᠢ ᠬᠠᠮᠠᠭᠠᠯᠠᠬᠤ ᠳᠦᠷᠢᠮ︾᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ ᠪᠠ ᠪᠡᠯᠴᠢᠭᠡᠷᠯᠡᠭᠦᠯᠬᠦ ᠶᠢ | ᠴᠠᠭᠠᠵᠠᠯᠠᠬᠤ ᠪᠡᠯᠴᠢᠭᠡᠷ ᠰᠡᠷᠭᠦᠭᠡᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ | ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠠ ︽ᠰᠢᠯᠢ ᠶᠢᠨ ᠭᠤᠣᠯ ᠠᠶᠢᠮᠠᠭ ᠤᠨ | ᠪᠠᠶᠢᠭᠠᠯᠢᠯᠢᠭ ᠬᠠᠳᠤᠯᠠᠩ ᠢ ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ | ᠦᠨᠳᠣᠰᠣᠯᠠᠨ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ | ᠠᠷᠭ᠎ᠠ ᠶᠢ ᠲᠣᠭᠲᠠᠭᠠᠪᠠ᠃ | ᠨᠢᠭᠡ᠂ ᠲᠣᠭᠲᠠᠭᠠᠬᠤ ᠶᠢᠨ ᠴᠢᠬᠤᠯᠠ ᠴᠢᠨᠠᠷ | ᠣᠶᠢᠷ᠎ᠠ ᠶᠢᠨ ᠵᠢᠯ ᠳᠤ᠂ ᠡᠪᠡᠰᠦ ᠬᠠᠳᠤᠵᠤ ᠬᠠᠳᠠᠭᠠᠯᠠᠬᠤ ᠦᠶᠯᠡ ᠠᠵᠢᠯᠯᠠᠭ᠎ᠠ ᠶᠢ ᠦᠨᠡᠨᠬᠦ | ᠵᠢᠷᠤᠮᠵᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠠᠶᠢᠮᠠᠭ ᠠᠴᠠ | ᠵᠠᠷᠢᠮ ᠴᠢᠬᠤᠯᠠ ᠲᠥᠷᠥ ᠶᠢᠨ ᠪᠣᠳᠣᠯᠭ᠎ᠠ ᠪᠠ ᠪᠢᠴᠢᠭ ᠮᠠᠲ᠋ᠧᠷᠢᠶᠠᠯ ᠢ ᠵᠠᠯᠭᠠᠭ᠎ᠠ ᠪᠠᠷ ᠨᠡᠶᠢᠲᠡᠯᠡᠭᠰᠡᠨ ᠪᠠᠶᠢᠨ᠎ᠠ᠃ | 2016 ᠣᠨ ᠤ 12 ᠰᠠᠷ᠎ᠠ ᠳᠤ᠂ ᠠᠶᠢᠮᠠᠭ ᠤᠨ ᠵᠠᠬᠢᠷᠭ᠎ᠠ ᠠᠴᠠ ᠲᠤᠰᠬᠠᠶᠢᠯᠠᠨ ︽ᠪᠠᠶᠢᠭᠠᠯᠢᠯᠢᠭ ᠬᠠᠳᠤᠯᠠᠩ ᠢ | ᠬᠠᠮᠠᠭᠠᠯᠠᠨ ᠠᠰᠢᠭᠯᠠᠬᠤ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ᠢ ᠨᠡᠶᠢᠲᠡᠯᠡᠪᠡ︔ 2021 ᠣᠨ ᠤ 3 | ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠠᠵᠢᠯ ᠢ | ᠴᠢᠩᠭᠠᠳᠬᠠᠬᠤ ᠲᠤᠬᠠᠢ ᠰᠠᠨᠠᠯ ᠤᠳ︾ ᠢ ᠨᠡᠶᠢᠲᠡᠯᠡᠪᠡ︔ 2021 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ | ᠳᠦᠷᠢᠮ︾ ᠢ ᠨᠡᠶᠢᠲᠡᠯᠡᠵᠦ᠂ ᠴᠥᠮ ᠬᠠᠳᠤᠯᠠᠩ ᠢ ᠬᠠᠮᠠᠭᠠᠯᠠᠨ ᠠᠰᠢᠭᠯᠠᠬᠤ ᠠᠵᠢᠯ ᠳᠤ ᠪᠣᠳᠠᠲᠠᠢ ᠱᠠᠭᠠᠷᠳᠠᠯᠭ᠎ᠠ | ᠳᠤᠷᠠᠳᠤᠭᠰᠠᠨ ᠪᠠᠶᠢᠨ᠎ᠠ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠰᠡᠯᠭᠦᠨ ᠮᠠᠯᠵᠢᠬᠤ ᠳᠦᠷᠢᠮ︾ ᠤᠨ 24 | ᠳ᠋ᠣᠭᠡᠷ ᠵᠦᠢᠯ ᠳᠤ᠂ ︽ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠨᠢ ᠬᠠᠳᠤᠯᠠᠩ ᠤᠨ | ᠬᠠᠮᠢᠶᠠᠷᠤᠯᠲᠠ ᠶᠢ ᠵᠢᠷᠤᠮᠵᠢᠭᠤᠯᠵᠤ᠂ ᠡᠪᠡᠰᠦ ᠬᠠᠳᠤᠬᠤ ᠬᠤᠭᠤᠴᠠᠭ᠎ᠠ᠂ ᠦᠷ᠎ᠡ ᠪᠣᠯᠪᠠᠰᠤᠷᠠᠬᠤ ᠬᠤᠭᠤᠴᠠᠭ᠎ᠠ᠂ | ᠭᠤᠤᠷᠰᠤᠨ ᠤ ᠦᠨᠳᠦᠷ᠂ ᠬᠠᠳᠤᠬᠤ ᠬᠦᠴᠦᠯᠡᠴᠡ᠂ ᠡᠭᠡᠯᠵᠢᠯᠡᠨ ᠬᠠᠳᠤᠬᠤ᠂ ᠡᠪᠡᠰᠦᠨ ᠦᠷ᠎ᠡ ᠶᠢᠨ ᠪᠦᠰᠡ | ᠦᠯᠡᠳᠡᠭᠡᠬᠦ ᠵᠡᠷᠭᠡ ᠳᠤ ᠲᠣᠳᠣᠷᠬᠠᠢ ᠲᠣᠭᠲᠠᠭᠠᠯ ᠭᠠᠷᠭᠠᠬᠤ ᠬᠡᠷᠡᠭᠲᠡᠢ︾ ᠭᠡᠵᠦ ᠲᠣᠳᠣᠷᠬᠠᠢ ᠱᠠᠭᠠᠷᠳᠠᠭᠰᠠᠨ ᠪᠠᠶᠢᠨ᠎ᠠ᠃ | ᠪᠠᠶᠢᠭᠤᠯᠤᠮᠵᠢ ᠶᠢ ᠥᠭᠡᠷᠡᠴᠢᠯᠡᠭᠰᠡᠨ ᠤ ᠳᠠᠷᠠᠭ᠎ᠠ ᠬᠠᠮᠢᠶ᠎ᠠ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ | ᠨᠡᠷᠡᠶᠢᠳᠦᠯ ᠪᠠ ᠡᠭᠦᠷᠭᠡ ᠬᠠᠷᠢᠭᠤᠴᠠᠯᠭ᠎ᠠ ᠳᠤ ᠬᠤᠪᠢᠷᠠᠯᠲᠠ ᠭᠠᠷᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠵᠢᠴᠢ ᠰᠤᠮᠤ ᠪᠠᠯᠭᠠᠰᠤ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠱᠠᠲᠤ ᠲᠠᠰ ᠵᠢᠴᠢ ᠬᠠᠤᠯᠢ ᠬᠡᠷᠡᠭᠵᠢᠭᠦᠯᠬᠦ | ᠡᠷᠬᠡ ᠮᠡᠳᠡᠯ ᠤᠨ ᠬᠡᠪᠴᠢᠶ᠎ᠡ ᠶᠢ ᠨᠢᠭᠡᠲᠦᠭᠦᠯᠬᠦ ᠪᠠ ᠲᠣᠬᠢᠷᠠᠭᠤᠯᠵᠤ᠂ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠳᠠᠬᠢᠨ ᠲᠣᠳᠣᠷᠬᠠᠶᠢᠯᠠᠬᠤ ᠴᠢᠬᠤᠯᠠᠲᠠᠢ ᠪᠣᠯᠪᠠ᠃ | ᠬᠤᠶᠠᠷ᠂ ︽ᠬᠠᠮᠢᠶᠠᠷᠤᠯᠲᠠ ᠶᠢᠨ ᠠᠷᠭ᠎ᠠ︾ ᠶᠢᠨ ᠭᠤᠣᠯ ᠠᠭᠤᠯᠭ᠎ᠠ | ᠰᠢᠨ᠎ᠡ ︽ᠬᠠᠮᠢᠶᠠᠷᠤᠯᠲᠠ ᠶᠢᠨ ᠠᠷᠭ᠎ᠠ︾ ᠨᠢ ᠨᠡᠶᠢᠲᠡ 21 ᠵᠦᠢᠯ ᠤᠨ ᠠᠭᠤᠯᠭ᠎ᠠ ᠲᠠᠢ ᠪᠠᠶᠢᠵᠤ᠂ 2015 | ᠣᠨ ᠳᠤ ᠨᠡᠶᠢᠲᠡᠯᠡᠭᠰᠡᠨ ︽ᠬᠠᠮᠢᠶᠠᠷᠤᠯᠲᠠ ᠶᠢᠨ ᠠᠷᠭ᠎ᠠ︾ ᠶᠢᠨ 13 ᠵᠦᠢᠯ ᠤᠨ ᠠᠭᠤᠯᠭ᠎ᠠ ᠲᠠᠢ ᠬᠠᠷᠢᠴᠠᠭᠤᠯᠪᠠᠯ | ᠨᠠᠩ ᠪᠠᠶᠠᠯᠢᠭᠵᠢᠨ ᠲᠡᠭᠦᠯᠳᠡᠷᠵᠢᠵᠦ᠂ ᠭᠤᠣᠯᠳᠠᠭᠤ ᠳᠣᠣᠷᠠᠬᠢ ᠮᠡᠲᠦ ᠠᠭᠤᠯᠭ᠎ᠠ ᠳᠤ ᠵᠠᠰᠠᠪᠤᠷᠢ ᠣᠷᠣᠭᠤᠯᠤᠭᠰᠠᠨ ᠪᠠ | ᠨᠡᠮᠡᠵᠦ ᠲᠡᠭᠦᠯᠳᠡᠷᠵᠢᠭᠦᠯᠪᠡ᠄ | ᠨᠢᠭᠡ ᠳᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠯᠠᠨ ᠲᠦᠮᠡᠨ ᠤ ᠠᠵᠢᠯ | ᠶᠠᠪᠤᠳᠠᠯ ᠰᠢᠢᠳᠪᠦᠷᠢᠯᠡᠬᠦ ᠳᠤ ᠲᠥᠬᠦᠮ ᠦᠵᠡᠭᠦᠯᠬᠦ ᠲᠠᠯ᠎ᠠ ᠠᠴᠠ ᠪᠣᠳᠣᠯᠬᠢᠯᠠᠨ᠂ ᠡᠪᠡᠰᠦ ᠬᠠᠳᠤᠵᠤ | ᠳᠠᠩᠰᠠᠯᠠᠭᠤᠯᠬᠤ ᠪᠠᠷ ᠭᠤᠶᠤᠴᠢᠯᠠᠬᠤ ᠡᠷᠬᠡ ᠮᠡᠳᠡᠯ ᠢ ᠰᠤᠮᠤ ᠪᠠᠯᠭᠠᠰᠤᠨ ᠳᠤ ᠲᠤᠰᠢᠶᠠᠨ ᠰᠢᠢᠳᠪᠦᠷᠢᠯᠡᠭᠦᠯᠪᠡ᠃ | ᠡᠭᠦᠨ ᠤ ᠬᠠᠮᠲᠤ᠂ 1000 ᠮᠦ ᠵᠢᠴᠢ ᠲᠡᠭᠦᠨ ᠠᠴᠠ ᠳᠣᠷᠣᠭᠰᠢᠬᠢ ᠮᠠᠯᠴᠢᠳ ᠤᠨ ᠥᠪᠡᠰᠦᠪᠡᠨ ᠬᠡᠷᠡᠭᠯᠡᠬᠦ | ᠬᠠᠳᠤᠯᠠᠩ ᠪᠡᠯᠴᠢᠭᠡᠷ ᠢ ᠳᠠᠩᠰᠠᠯᠠᠭᠤᠯᠬᠤ ᠪᠠᠷ ᠭᠤᠶᠤᠴᠢᠯᠠᠬᠤ ᠴᠢᠬᠤᠯᠠ ᠦᠭᠡᠢ︔ | ᠬᠤᠶᠠᠷ ᠲᠤ᠂ ᠰᠡᠯᠭᠦᠨ ᠬᠠᠳᠤᠬᠤ ᠠᠷᠭ᠎ᠠ᠃ ᠮᠠᠯᠵᠢᠬᠤ ᠡᠷᠦᠬᠡ ᠵᠢᠴᠢ ᠵᠠᠬ᠎ᠠ ᠳᠡᠯᠭᠡᠭᠦᠷ ᠤᠨ ᠡᠪᠡᠰᠦ | ᠪᠡᠯᠴᠢᠭᠡᠷ ᠤᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠭᠰᠠᠨ ᠰᠠᠭᠤᠷᠢᠨ ᠳᠡᠭᠡᠷ᠎ᠡ᠂ 1000 ᠮᠦ ᠠᠴᠠ | ᠳᠡᠭᠡᠭᠰᠢᠬᠢ ᠬᠠᠳᠤᠯᠠᠩ ᠪᠡᠯᠴᠢᠭᠡᠷ ᠲᠤ ᠰᠡᠯᠭᠦᠨ ᠬᠠᠳᠤᠬᠤ ᠳᠦᠷᠢᠮ ᠢ ᠬᠡᠷᠡᠭᠵᠢᠭᠦᠯᠵᠦ᠂ ᠬᠤᠶᠠᠷ ᠨᠤᠲᠤᠭ ᠲᠤ | ᠬᠤᠶᠠᠷ ᠵᠢᠯ ᠳᠤ ᠰᠡᠯᠭᠦᠨ ᠬᠠᠳᠤᠬᠤ ᠠᠷᠭ᠎ᠠ ᠶᠢ ᠬᠡᠷᠡᠭᠯᠡᠨ᠂ ᠵᠢᠯ ᠪᠦᠷᠢ ᠨᠢᠭᠡ ᠨᠤᠲᠤᠭ ᠲᠤ ᠡᠪᠡᠰᠦ ᠬᠠᠳᠤᠬᠤ | ᠠᠵᠢᠯ ᠢ ᠵᠣᠭᠰᠤᠭᠠᠬᠤ ᠶᠢ ᠪᠠᠲᠤᠯᠠᠨ᠎ᠠ︔ 1000 ᠮᠦ ᠵᠢᠴᠢ ᠲᠡᠭᠦᠨ ᠠᠴᠠ ᠪᠠᠭ᠎ᠠ ᠮᠠᠯᠴᠢᠳ ᠤᠨ ᠪᠡᠯᠡᠳᠭᠡᠯ | ᠬᠠᠳᠤᠯᠠᠩ ᠳᠤ ᠰᠡᠯᠭᠦᠨ ᠬᠠᠳᠤᠬᠤ ᠳᠦᠷᠢᠮ ᠢ ᠬᠡᠷᠡᠭᠵᠢᠭᠦᠯᠬᠦ ᠦᠭᠡᠢ ᠭᠡᠪᠡᠴᠦ ᠡᠷᠬᠡᠪᠰᠢ ᠲᠣᠰ ᠠᠷᠭ᠎ᠠ ᠶᠢᠨ ᠪᠤᠰᠤᠳ | ᠵᠦᠢᠯ ᠵᠤᠷᠪᠤᠰ ᠤᠨ ᠲᠣᠭᠲᠠᠭᠠᠯ ᠢ ᠬᠡᠷᠡᠭᠵᠢᠭᠦᠯᠬᠦ ᠬᠡᠷᠡᠭᠲᠡᠢ︔ | ᠭᠤᠷᠪᠠ ᠳᠤ᠂ ᠰᠡᠯᠭᠦᠨ ᠬᠠᠳᠤᠬᠤ ᠳᠦᠷᠢᠮ᠃ 300 ᠮᠧᠲᠷ ᠥᠷᠭᠡᠨ ᠬᠠᠳᠤᠬᠤ ᠪᠦᠷᠢ 20 ᠮᠧᠲᠷ ᠠᠴᠠ | ᠳᠡᠭᠡᠭᠰᠢ ᠦᠷᠭᠡᠨᠡᠪᠡᠰᠦᠨ ᠦᠷ᠎ᠡ ᠶᠢᠨ ᠪᠦᠰᠡ ᠦᠯᠡᠳᠡᠭᠡᠬᠦ ᠬᠡᠷᠡᠭᠲᠡᠢ︔ | ᠳᠥᠷᠪᠡ ᠳᠤ᠂ ᠭᠤᠤᠷᠰᠤᠨ ᠤ ᠥᠨᠳᠥᠷ᠃ ᠮᠠᠨ ᠤ ᠬᠤᠰᠢᠭᠤᠨ ᠤ ᠪᠡᠯᠴᠢᠭᠡᠷ ᠤᠨ ᠲᠥᠷᠥᠯ ᠬᠡᠯᠪᠡᠷᠢ ᠶᠢᠨ | ᠣᠨᠴᠠᠯᠢᠭ ᠪᠠ ᠭᠠᠵᠠᠷ ᠤᠨ ᠪᠠᠶᠢᠴᠠ ᠶᠢᠨ ᠨᠥᠬᠦᠴᠡᠯ ᠢ ᠦᠨᠳᠦᠰᠦᠯᠡᠵᠦ᠂ ᠭᠤᠤᠷᠰᠤᠨ ᠤ ᠥᠨᠳᠥᠷ ᠢ 6 | ᠰᠠᠨᠲ᠋ᠢᠮᠧᠲᠷ ᠠᠴᠠ ᠪᠣᠭᠤᠨᠢ ᠪᠠᠶᠢᠯᠭᠠᠵᠤ ᠪᠣᠯᠬᠤ ᠦᠭᠡᠢ᠃ | ᠲᠠᠪᠤ ᠳᠤ᠂ ᠤᠷᠭᠤᠮᠠᠯ ᠤᠨ ᠬᠤᠴᠢᠯᠭ᠎ᠠ ᠶᠢᠨ ᠳᠤᠮᠳᠠᠴᠢ ᠪᠦᠷᠬᠦᠴᠡ 30% ᠬᠦᠷᠬᠦ ᠦᠭᠡᠢ᠂ ᠡᠪᠡᠰᠦᠨ ᠤ | ᠳᠤᠮᠳᠠᠴᠢ ᠥᠨᠳᠥᠷ ᠤᠨ ᠬᠡᠮᠵᠢᠶ᠎ᠡ ᠨᠢ 15 ᠰᠠᠨᠲ᠋ᠢᠮᠧᠲᠷ ᠬᠦᠷᠬᠦ ᠦᠭᠡᠢ᠂ ᠬᠠᠭᠤᠷᠠᠢ ᠡᠪᠡᠰᠦᠨ ᠤ ᠤᠨᠠᠯᠲᠠ ᠨᠢ ᠮᠦ | ᠪᠦᠷᠢ ᠳᠡᠭᠡᠨ 30 ᠺᠢᠯᠣᠭ᠍ᠷᠠᠮ ᠬᠦᠷᠬᠦ ᠦᠭᠡᠢ ᠪᠠᠶᠢᠪᠠᠯ ᠡᠪᠡᠰᠦ ᠬᠠᠳᠤᠵᠤ ᠪᠣᠯᠬᠤ ᠦᠭᠡᠢ︔ | ᠵᠢᠷᠭᠤᠭ᠎ᠠ ᠳᠤ᠂ ᠬᠠᠳᠤᠯᠠᠩ ᠪᠡᠯᠴᠢᠭᠡᠷ ᠢ ᠬᠠᠳᠤᠵᠤ ᠳᠠᠭᠤᠰᠤᠭᠰᠠᠨ ᠤ ᠳᠠᠷᠠᠭ᠎ᠠ ᠮᠠᠯ ᠬᠠᠷᠢᠭᠤᠯᠬᠤ | ᠠᠰᠠᠭᠤᠳᠠᠯ ᠣᠷᠣᠰᠢᠵᠤ ᠪᠠᠶᠢᠬᠤ ᠳᠤ ᠴᠢᠭᠯᠡᠭᠦᠯᠦᠨ᠂ ︽ᠬᠠᠮᠢᠶᠠᠷᠤᠯᠲᠠ ᠶᠢᠨ ᠠᠷᠭ᠎ᠠ︾ ᠳᠤ ᠲᠣᠳᠣᠷᠬᠠᠢ | ᠲᠣᠭᠲᠠᠭᠠᠭᠰᠠᠨ ᠨᠢ᠂ ᠬᠠᠳᠤᠯᠠᠩ ᠪᠡᠯᠴᠢᠭᠡᠷ ᠢ ᠰᠡᠯᠭᠦᠨ ᠬᠠᠳᠤᠵᠤ ᠬᠤᠷᠢᠭᠠᠲᠠᠢ ᠮᠠᠯᠵᠢᠬᠤ ᠣᠷᠣᠨ ᠤ | ᠬᠠᠮᠢᠶᠠᠷᠤᠯᠲᠠ ᠳᠤ ᠣᠷᠣᠭᠤᠯᠵᠤ᠂ ᠮᠠᠯ ᠮᠠᠯᠵᠢᠬᠤ ᠶᠢ ᠴᠠᠭᠠᠵᠠᠯᠠᠨ᠎ᠠ︔ | ᠲᠤᠯᠤᠭ᠎ᠠ ᠳᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠡᠩ ᠤᠨ ᠣᠷᠣᠨ᠂ ᠨᠤᠭᠤ ᠭᠠᠵᠠᠷ ᠤᠨ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠡᠪᠡᠰᠦ ᠬᠠᠳᠤᠬᠤ ᠶᠢ ᠴᠢᠩᠭ᠎ᠠ ᠬᠢᠵᠠᠭᠠᠷᠯᠠᠨ᠎ᠠ᠃ ᠥᠩᠭᠡᠷᠡᠭᠰᠡᠨ ᠳᠤ | ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ ᠡᠪᠡᠰᠦ ᠬᠠᠳᠤᠵᠤ ᠪᠣᠯᠬᠤ ᠡᠰᠡᠬᠦ ᠲᠤᠬᠠᠢ ᠲᠣᠳᠣᠷᠬᠠᠢ ᠲᠣᠭᠲᠠᠭᠠᠯ | ᠭᠠᠷᠭᠠᠭᠰᠠᠨ ᠦᠭᠡᠢ᠃ ᠡᠨᠡ ᠤᠳᠠᠭ᠎ᠠ ᠴᠢᠩᠭ᠎ᠠ ᠬᠢᠵᠠᠭᠠᠷᠯᠠᠵᠠᠢ᠃ ᠤᠷᠭᠤᠮᠠᠯ ᠤᠨ ᠬᠤᠴᠢᠯᠭ᠎ᠠ ᠶᠢ ᠨᠡᠯᠢᠶᠡᠳ ᠰᠠᠶᠢᠨ | ᠰᠡᠷᠭᠦᠭᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠳᠤ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠪᠠᠷ ᠦᠨᠡᠯᠡᠨ ᠵᠢᠱᠢᠵᠦ ᠵᠥᠪᠰᠢᠶᠡᠷᠡᠭᠦᠯᠦᠭᠰᠡᠨ ᠤ ᠳᠠᠷᠠᠭ᠎ᠠ᠂ ᠬᠠᠮᠠᠭᠠᠯᠠᠯᠲᠠ ᠶᠢᠨ ᠴᠢᠨᠠᠷᠲᠠᠢ ᠡᠪᠡᠰᠦ | ᠬᠠᠳᠤᠵᠤ ᠪᠣᠯᠣᠨ᠎ᠠ᠃ ᠬᠠᠮᠠᠭᠠᠯᠠᠯᠲᠠ ᠶᠢᠨ ᠴᠢᠨᠠᠷᠲᠠᠢ ᠡᠪᠡᠰᠦ ᠬᠠᠳᠤᠭᠰᠠᠨ ᠤ ᠲᠠᠷᠠᠭ᠎ᠠ᠂ ᠬᠤᠶᠠᠷ ᠵᠢᠯ ᠤᠨ ᠳᠣᠲᠣᠷ᠎ᠠ | ᠡᠪᠡᠰᠦ ᠬᠠᠳᠤᠬᠤ ᠶᠢ ᠴᠠᠭᠠᠵᠠᠯᠠᠨ᠎ᠠ᠃ ᠭᠠᠩ ᠬᠠᠭᠤᠷᠠᠢ ᠵᠢᠯ ᠳᠤ ᠵᠠᠷᠴᠢᠮ ᠳᠡᠭᠡᠷ᠎ᠡ ᠪᠠᠨ ᠡᠪᠡᠰᠦ ᠬᠠᠳᠤᠬᠤ ᠶᠢ | ᠴᠠᠭᠠᠵᠠᠯᠠᠨ᠎ᠠ︔ | ᠨᠠᠢᠮᠠ ᠳᠤ᠂ ᠡᠪᠡᠰᠦ ᠬᠠᠳᠤᠬᠤ ᠶᠢ ᠴᠠᠭᠠᠵᠠᠯᠠᠬᠤ ᠠᠵᠢᠯᠯᠠᠭ᠎ᠠ ᠶᠢ ᠲᠣᠳᠣᠷᠬᠠᠶᠢᠯᠠᠪᠠ᠄ | (ᠨᠢᠭᠡ)ᠦᠭᠡᠷᠡᠴᠢᠯᠡᠨ ᠵᠠᠰᠠᠭᠰᠠᠨ ᠪᠤᠶᠤ ᠨᠤᠲᠤᠭ ᠪᠡᠯᠴᠢᠭᠡᠷ ᠢ ᠡᠪᠳᠡᠬᠦ ᠡᠪᠡᠰᠦ ᠬᠠᠳᠤᠬᠤ ᠮᠠᠰᠢᠨ | ᠪᠠᠭᠠᠵᠢ ᠶᠢ ᠬᠡᠷᠡᠭᠯᠡᠵᠦ ᠪᠣᠯᠬᠤ ᠦᠭᠡᠢ᠂ ᠲᠠᠪᠠᠭᠲᠤ ᠬᠡᠯᠪᠡᠷᠢ ᠶᠢᠨ ᠡᠪᠡᠰᠦ ᠬᠠᠮᠤᠬᠤ ᠮᠠᠰᠢᠨ ᠬᠡᠷᠡᠭᠯᠡᠬᠦ ᠶᠢ | ᠴᠠᠭᠠᠵᠠᠯᠠᠨ᠎ᠠ︔ | (ᠬᠤᠶᠠᠷ)ᠲᠣᠮᠣ ᠬᠡᠯᠪᠡᠷᠢ ᠶᠢᠨ ᠡᠪᠡᠰᠦᠨ ᠲᠡᠷᠭᠡ ᠡᠷᠬᠡᠪᠰᠢ ᠲᠣᠭᠲᠠᠭᠰᠠᠨ ᠡᠪᠡᠰᠦ ᠲᠡᠭᠡᠭᠡᠬᠦ ᠭᠠᠵᠠᠷ ᠠᠴᠠ | ᠲᠡᠭᠡᠭᠡᠵᠦ᠂ ᠬᠠᠳᠤᠯᠠᠩ ᠳᠤ ᠣᠷᠣᠵᠤ ᠡᠪᠡᠰᠦ ᠲᠡᠭᠡᠭᠡᠬᠦ ᠶᠢ ᠴᠢᠩᠭ᠎ᠠ ᠴᠠᠭᠠᠵᠠᠯᠠᠨ᠎ᠠ︔ | ( ᠭᠤᠷᠪᠠ)ᠡᠪᠡᠰᠦ ᠬᠠᠳᠤᠬᠤ ᠲᠡᠷᠭᠡ ᠬᠥᠰᠬᠡ ᠨᠤᠲᠤᠭ ᠪᠡᠯᠴᠢᠭᠡᠷ ᠢ ᠳᠤᠷ᠎ᠠ ᠪᠠᠷ ᠢᠶᠠᠨ ᠳᠠᠷᠤᠵᠤ᠂ | ᠤᠷᠭᠤᠮᠠᠯ ᠤᠨ ᠬᠤᠴᠢᠯᠭ᠎ᠠ ᠶᠢ ᠡᠪᠳᠡᠬᠦ ᠶᠢ ᠴᠠᠭᠠᠵᠠᠯᠠᠨ᠎ᠠ᠃ | ᠶᠢᠰᠦ ᠳᠤ᠂ ᠡᠯ᠎ᠡ ᠱᠠᠲᠤᠨ ᠤ ᠵᠠᠰᠠᠭ ᠤᠨ ᠣᠷᠳᠣᠨ᠂ ᠭᠠᠴᠠᠭᠠᠨ ᠤ ᠵᠥᠪᠯᠡᠯ ᠵᠢᠴᠢ ᠬᠤᠰᠢᠭᠤ ᠰᠢᠭᠤᠳ | ᠬᠠᠷᠢᠶ᠎ᠠ ᠣᠶ ᠰᠢᠭᠤᠢ ᠡᠪᠡᠰᠦ ᠪᠡᠯᠴᠢᠭᠡᠷ᠂ ᠲᠠᠷᠢᠶᠠᠯᠠᠩ ᠮᠠᠯ ᠠᠵᠤ ᠠᠬᠤᠢ᠂ ᠡᠳ᠋ ᠤᠨ ᠵᠠᠰᠠᠭ᠂ ᠵᠠᠮ | ᠬᠠᠷᠢᠯᠴᠠᠭᠠᠨ ᠤ ᠬᠠᠮᠢᠶᠠᠷᠤᠯᠲᠠ᠂ ᠵᠠᠮ ᠤᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠶᠢ | ᠤᠯᠠᠮ ᠨᠢᠭᠡ ᠠᠯᠬᠤᠮ ᠲᠣᠳᠣᠷᠬᠠᠶᠢᠯᠠᠪᠠ︔ | ᠠᠷᠪᠠ ᠳᠤ᠂ ᠬᠠᠳᠤᠯᠠᠩ ᠪᠡᠯᠴᠢᠭᠡᠷ ᠤᠨ ᠠᠰᠢᠭᠯᠠᠯᠲᠠ ᠶᠢᠨ ᠪᠠᠶᠢᠳᠠᠯ ᠢ ᠬᠥᠳᠡᠯᠦᠩᠭᠦᠢ ᠪᠠᠷ ᠬᠢᠨᠠᠨ ᠬᠡᠮᠵᠢᠬᠦ | ᠵᠢᠴᠢ ᠲᠣᠭᠲᠠᠭᠠᠯ ᠢ ᠵᠥᠷᠢᠴᠡᠨ ᠰᠢᠳᠬᠡᠨ ᠲᠣᠷᠭᠠᠬᠤ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ | ᠱᠠᠩᠨᠠᠯ ᠤᠨ ᠪᠡᠯᠡ ᠮᠥᠩᠭᠦ ᠶᠢ ᠰᠠᠭᠤᠯᠭᠠᠨ ᠠᠪᠬᠤ ᠲᠤᠬᠠᠢ ᠵᠦᠢᠯ ᠵᠤᠷᠪᠤᠰ ᠢ ᠲᠣᠳᠣᠷᠬᠠᠢ ᠲᠣᠭᠲᠠᠭᠠᠵᠠᠢ᠃ |