ᠨᠢᠭᠡ᠂ ᠲᠣᠭᠲᠠᠭᠠᠬᠤ ᠶᠢᠨ ᠴᠢᠬᠤᠯᠠ ᠴᠢᠨᠠᠷ | ᠪᠦᠬᠦ ᠰᠤᠮᠤᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠵᠢᠯ ᠤᠨ ᠦᠷ᠎ᠡ | ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠡᠬᠢ ᠪᠠᠶᠠᠯᠢᠭ ᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠬᠠᠮᠠᠭᠠᠯᠠᠨ ᠠᠰᠢᠭᠯᠠᠬᠤ ᠶᠢᠨ ᠲᠦᠯᠦᠭᠡ᠂ ︽ᠰᠢᠯᠢ ᠶᠢᠨ ᠭᠤᠣᠯ | ᠠᠶᠢᠮᠠᠭ ᠤᠨ 2023 ︱ 2025 ᠣᠨ ᠤ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ | ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠥᠯ︾ ︵ᠰᠢᠯᠢ ᠵᠠᠬᠢᠷᠭ᠎ᠠ ᠠᠯᠪᠠᠨ ᠲᠠᠷᠬᠠᠭᠠᠭᠰᠠᠨ ﹇2022﹈ | 147 ᠲᠣᠭᠠᠲᠤ︶ ᠪᠠ ︽ᠵᠡᠭᠦᠨ ᠦᠵᠦᠮᠦᠴᠢᠨ ᠬᠤᠰᠢᠭᠤᠨ ᠤ 2023 ︱ 2025 ᠣᠨ ᠤ ᠬᠠᠪᠤᠷ ᠤᠨ | ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠤᠨ ᠬᠡᠷᠡᠭᠵᠢᠭᠦᠯᠬᠦ ᠲᠥᠰᠥᠯ︾ ︵ | ᠵᠡᠭᠦᠨ ᠵᠠᠰᠠᠭ ᠠᠯᠪᠠᠨ ᠲᠠᠷᠬᠠᠭᠠᠭᠰᠠᠨ ﹇2022﹈ 59 ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ | ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠵᠢᠯ ᠢ ᠥᠷᠨᠢᠭᠦᠯᠦᠨ᠎ᠡ᠃ | ᠪᠡᠯᠴᠢᠭᠡᠷ ᠰᠡᠷᠭᠦᠭᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠥᠯᠦᠭᠡ᠂ ᠮᠠᠨ ᠤ ᠰᠤᠮᠤ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠤᠨᠴᠠᠭᠠᠶᠢᠯᠠᠨ ᠲᠣᠰ ᠲᠥᠰᠥᠯ ᠢ ᠲᠣᠭᠲᠠᠭᠠᠪᠠ᠃ | ᠬᠤᠶᠠᠷ᠂ ᠭᠤᠣᠯ ᠠᠭᠤᠯᠭ᠎ᠠ | ︵ᠨᠢᠭᠡ︶ ᠬᠡᠪᠴᠢᠶ᠎ᠡ ᠪᠣᠯᠣᠨ ᠴᠠᠭ ᠬᠤᠭᠤᠴᠠᠭ᠎ᠠ | ᠨᠢᠭᠡ ᠳᠤ᠂ ᠪᠡᠯᠴᠢᠭᠡᠷ ᠰᠡᠷᠭᠦᠭᠡᠬᠦ ᠬᠦᠷᠢᠶ᠎ᠡ ᠬᠡᠪᠴᠢᠶ᠎ᠡ᠃ ᠪᠥᠬᠦ ᠰᠤᠮᠤ ᠶᠢᠨ 6 ᠭᠠᠴᠠᠭ᠎ᠠ ᠶᠢᠨ ᠮᠠᠯ | ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠳᠤ ᠬᠠᠪᠤᠷ ᠤᠨ ᠤᠯᠠᠷᠢᠯ ᠤᠨ ᠤᠷᠭᠤᠯᠲᠠ ᠶᠢᠨ | ᠬᠤᠭᠤᠴᠠᠭᠠᠨ ᠳᠠᠬᠢ ᠪᠡᠯᠴᠢᠭᠡᠷ ᠰᠡᠷᠭᠦᠭᠡᠬᠦ ᠠᠷᠭ᠎ᠠ ᠬᠡᠮᠵᠢᠶ᠎ᠡ ᠶᠢ ᠬᠡᠷᠡᠭᠵᠢᠭᠦᠯᠵᠦ᠂ ᠪᠡᠯᠴᠢᠭᠡᠷ ᠰᠡᠷᠭᠦᠭᠡᠬᠦ ᠲᠠᠯᠠᠪᠠᠶ ᠨᠢ | 639.9373 ᠲᠦᠮᠡᠨ ᠮᠦ ᠪᠠᠶᠢᠵᠤ᠂ ᠪᠡᠯᠴᠢᠭᠡᠷ ᠰᠡᠷᠭᠦᠭᠡᠬᠦ ᠮᠠᠯ ᠤᠨ ᠡᠭᠦᠯᠳᠡᠷ ᠨᠢ ᠦᠬᠡᠷ᠂ ᠬᠤᠨᠢ ︵ᠮᠣᠷᠢ᠂ | ᠲᠡᠮᠡᠭᠡ ᠨᠢ ᠪᠡᠯᠴᠢᠭᠡᠷ ᠰᠡᠷᠭᠦᠭᠡᠬᠦ ᠬᠡᠪᠴᠢᠶᠡᠨ ᠳᠤ ᠪᠠᠭᠲᠠᠬᠤ ᠦᠭᠡᠢ︶᠃ ᠬᠤᠶᠠᠷ ᠲᠤ᠂ ᠪᠡᠯᠴᠢᠭᠡᠷ ᠰᠡᠷᠭᠦᠭᠡᠬᠦ ᠴᠠᠭ | ᠬᠤᠭᠤᠴᠠᠭ᠎ᠠ᠂ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠴᠠᠭ ᠢ ᠵᠠᠷᠴᠢᠮ ᠳᠡᠭᠡᠷ᠎ᠡ ᠪᠠᠨ ᠡᠪᠡᠰᠦ ᠪᠡᠯᠴᠢᠭᠡᠷ | ᠨᠣᠭᠤᠭᠠᠷᠠᠬᠤ ᠠᠴᠠ ᠨᠢᠭᠡ ᠭᠠᠷᠠᠭ ᠤᠨ ᠡᠮᠦᠨ᠎ᠡ ᠡᠬᠢᠯᠡᠵᠦ᠂ ᠪᠡᠯᠴᠢᠭᠡᠷ ᠰᠡᠷᠭᠦᠭᠡᠬᠦ ᠴᠠᠭ ᠢ 4 ᠰᠠᠷ᠎ᠠ ᠶᠢᠨ 5 ᠤ | ᠡᠳᠦᠷ ᠠᠴᠠ ᠡᠷᠲᠡ ᠪᠠᠶᠢᠯᠭᠠᠵᠤ ᠪᠣᠯᠬᠤ ᠦᠭᠡᠢ᠂ ᠪᠡᠯᠴᠢᠭᠡᠷ ᠰᠡᠷᠭᠦᠭᠡᠬᠦ ᠴᠠᠭ ᠢ 45 ᠡᠳᠦᠷ ᠠᠴᠠ ᠳᠤᠲᠠᠭᠤ | ᠪᠠᠶᠢᠯᠭᠠᠵᠤ ᠪᠣᠯᠬᠤ ᠦᠭᠡᠢ᠃ | ︵ᠬᠤᠶᠠᠷ︶ ᠨᠥᠬᠦᠪᠦᠷᠢ ᠤᠯᠭᠤᠬᠤ ᠠᠷᠭ᠎ᠠ | ᠨᠢᠭᠡ ᠳᠤ᠂ ᠨᠥᠬᠦᠪᠦᠷᠢ ᠤᠯᠭᠤᠬᠤ ᠪᠠᠷᠢᠮᠵᠢᠶ᠎ᠠ᠃ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ | ᠨᠥᠬᠦᠪᠦᠷᠢ ᠶᠢ ᠵᠢᠯ ᠪᠦᠷᠢ · ᠮᠦ ᠪᠦᠷᠢ ᠳᠤ 9 ᠲᠥᠭᠦᠷᠢᠭ ᠢᠶᠠᠷ ᠦᠨᠳᠦᠰᠦᠯᠡᠯ ᠪᠣᠯᠭᠠᠵᠤ᠂ 45 ᠡᠳᠦᠷ ᠢᠶᠠᠷ ᠮᠦ | ᠪᠦᠷᠢ ᠳᠤ 1.125 ᠲᠥᠭᠦᠷᠢᠭ ᠢᠶᠠᠷ ᠪᠤᠳᠤᠨ᠎ᠠ᠃ ᠪᠥᠬᠦ ᠰᠤᠮᠤ ᠶᠢᠨ ᠪᠡᠯᠴᠢᠭᠡᠷ ᠰᠡᠷᠭᠦᠭᠡᠭᠰᠡᠨ ᠲᠠᠯᠠᠪᠠᠶ 639. | 9373 ᠲᠦᠮᠡᠨ ᠮᠦ ᠪᠠᠶᠢᠵᠤ᠂ ᠤᠯᠤᠰ ᠤᠨ ᠥᠮᠴᠢᠯᠡᠯᠲᠦ ᠪᠡᠯᠴᠢᠭᠡᠷ ᠪᠠ ᠭᠠᠴᠠᠭᠠᠨ ᠤ ᠬᠠᠮᠲᠤ ᠶᠢᠨ ᠪᠡᠯᠴᠢᠭᠡᠷ ᠢ | ᠬᠠᠰᠤᠭᠰᠠᠨ ᠤ ᠳᠠᠷᠠᠭ᠎ᠠ᠂ ᠪᠡᠯᠴᠢᠭᠡᠷ ᠰᠡᠷᠭᠦᠭᠡᠵᠦ ᠨᠥᠬᠦᠪᠦᠷᠢ ᠣᠯᠭᠤᠬᠤ ᠲᠠᠯᠠᠪᠠᠢ 595.1241 ᠲᠦᠮᠡᠨ ᠮᠦ | ᠪᠠᠶᠢᠵᠤ᠂ ᠪᠡᠯᠴᠢᠭᠡᠷ ᠰᠡᠷᠭᠦᠭᠡᠭᠰᠡᠨ ᠨᠥᠬᠦᠪᠦᠷᠢ ᠶᠢᠨ ᠪᠡᠯᠡ ᠮᠥᠩᠭᠦ ᠨᠡᠶᠢᠲᠡ 669.51 ᠲᠦᠮᠡᠨ ᠲᠥᠭᠦᠷᠢᠭ ᠢ | ᠬᠡᠷᠡᠭᠰᠡᠨ᠎ᠡ᠃ ᠬᠤᠶᠠᠷ ᠲᠤ᠂ ᠲᠠᠷᠬᠠᠭᠠᠬᠤ ᠴᠠᠭ ᠬᠤᠭᠤᠴᠠᠭ᠎ᠠ᠃ ᠵᠢᠯ ᠪᠦᠷᠢ ᠶᠢᠨ 3 ᠰᠠᠷ᠎ᠠ ᠶᠢᠨ ᠰᠡᠭᠦᠯᠴᠢ ᠠᠴᠠ | ᠡᠮᠦᠨ᠎ᠡ 50% ᠶᠢᠨ ᠪᠡᠯᠴᠢᠭᠡᠷ ᠰᠡᠷᠭᠦᠭᠡᠬᠦ ᠨᠥᠬᠦᠪᠦᠷᠢ ᠶᠢᠨ ᠪᠡᠯᠡ ᠮᠥᠩᠭᠦ ᠶᠢ ᠮᠠᠯᠵᠢᠬᠤ ᠡᠷᠦᠬᠡ ᠶᠢᠨ ᠡᠪᠡᠰᠦ | ᠪᠣᠷᠳᠤᠭ᠎ᠠ ᠬᠤᠳᠠᠯᠳᠤᠨ ᠠᠪᠴᠤ ᠨᠥᠭᠡᠴᠡᠯᠡᠬᠦ ᠳᠤ ᠬᠡᠷᠡᠭᠯᠡᠵᠦ᠂ ᠦᠯᠡᠳᠡᠭᠰᠡᠨ 50% ᠶᠢᠨ ᠨᠥᠬᠦᠪᠦᠷᠢ ᠶᠢᠨ ᠪᠡᠯᠡ | ᠮᠥᠩᠭᠦ ᠶᠢ ᠲᠣᠰ ᠵᠢᠯ ᠤᠨ 11 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠣᠯᠭᠤᠨ᠎ᠠ᠃ ᠭᠤᠷᠪᠠ ᠳᠤ᠂ | ᠲᠠᠷᠬᠠᠭᠠᠬᠤ ᠳᠡᠰ ᠳᠠᠷᠠᠭᠠᠯᠠᠯ᠃ ᠭᠠᠴᠠᠭ᠎ᠠ ᠪᠠᠷ ᠨᠢᠭᠡᠴᠢ ᠪᠣᠯᠭᠠᠨ ᠰᠤᠮᠤ ᠳᠤ ᠮᠡᠳᠡᠭᠦᠯᠵᠦ᠂ ᠰᠤᠮᠤ ᠨᠢ ᠭᠠᠴᠠᠭ᠎ᠠ ᠪᠠᠷ | ᠨᠢᠭᠡᠴᠢ ᠪᠣᠯᠭᠠᠨ ᠬᠢᠨᠠᠨ ᠬᠠᠷᠭᠤᠭᠤᠯᠵᠤ ᠢᠯᠡ ᠨᠡᠶᠢᠲᠡᠯᠡᠨ᠎ᠡ᠂ ᠢᠯᠡ ᠨᠡᠶᠢᠲᠡᠯᠡᠬᠦ ᠬᠤᠭᠤᠴᠠᠭ᠎ᠠ ᠨᠢ 5 ᠡᠳᠦᠷ᠂ | ᠢᠯᠡ ᠨᠡᠶᠢᠲᠡᠯᠡᠬᠦ ᠳᠤ ᠣᠨᠳᠣᠣ ᠰᠠᠨᠠᠯ ᠦᠭᠡᠢ ᠪᠣᠯ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ | ᠲᠣᠪᠴᠢᠶ᠎ᠠ ᠳᠤ ᠮᠡᠳᠡᠭᠦᠯᠵᠦ᠂ ᠬᠤᠰᠢᠭᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ | ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠬᠤᠰᠢᠭᠤ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ ᠲᠠᠷᠬᠠᠭᠠᠵᠤ᠂ | ᠨᠥᠬᠦᠪᠦᠷᠢ ᠶᠢᠨ ᠪᠡᠯᠡ ᠮᠥᠩᠭᠦ ᠶᠢ ︽ᠨᠢᠭᠡ ᠺᠠᠷᠲ ᠢᠶᠠᠷ ᠭᠦᠢᠴᠡᠳᠭᠡᠬᠦ︾ ᠪᠠᠷ ᠳᠠᠮᠵᠢᠭᠤᠯᠤᠨ ᠣᠯᠭᠤᠨ᠎ᠠ᠃ | ︵ᠭᠤᠷᠪᠠ︶ ᠬᠡᠷᠡᠭᠵᠢᠭᠦᠯᠬᠦ ᠠᠯᠬᠤᠮ ᠳᠠᠷᠠᠭ᠎ᠠ | ᠡᠮᠦᠨᠡᠬᠢ ᠬᠤᠭᠤᠴᠠᠭᠠᠨ ᠤ ᠪᠡᠯᠡᠳᠬᠡᠯ ᠱᠠᠲᠤ ᠦᠶ᠎ᠡ ︵ᠵᠢᠯ ᠪᠦᠷᠢ ᠶᠢᠨ ᠡᠪᠡᠰᠦ ᠬᠠᠳᠤᠵᠤ ᠬᠠᠳᠠᠭᠠᠯᠠᠬᠤ | ᠬᠤᠭᠤᠴᠠᠭ᠎ᠠ ᠠᠴᠠ ᠳᠠᠷᠠᠭ᠎ᠠ ᠵᠢᠯ ᠤᠨ 4 ᠰᠠᠷ᠎ᠠ ᠶᠢᠨ 4 ᠤ ᠡᠳᠦᠷ ᠪᠣᠯᠲᠠᠯ᠎ᠠ︶᠂ ᠪᠣᠳᠠᠲᠠᠢ ᠬᠡᠷᠡᠭᠵᠢᠭᠦᠯᠬᠦ ᠱᠠᠲᠤ | ᠦᠶ᠎ᠡ ︵ᠵᠢᠯ ᠪᠦᠷᠢ ᠶᠢᠨ 4 ᠰᠠᠷ᠎ᠠ ᠶᠢᠨ 5 ᠤ ᠡᠳᠦᠷ ᠠᠴᠠ 5 ᠰᠠᠷ᠎ᠠ ᠶᠢᠨ 19 ᠤ ᠡᠳᠦᠷ ᠪᠣᠯᠲᠠᠯ᠎ᠠ︶᠂ ᠬᠢᠨᠠᠨ | ᠬᠡᠮᠵᠢᠵᠦ ᠳ᠋ᠦᠩᠨᠡᠬᠦ ᠱᠠᠲᠤ ᠦᠶ᠎ᠡ ︵ᠵᠢᠯ ᠪᠦᠷᠢ ᠶᠢᠨ 5 ᠰᠠᠷ᠎ᠠ ᠶᠢᠨ 20 ᠤ ᠡᠳᠦᠷ ᠠᠴᠠ 9 ᠰᠠᠷ᠎ᠠ ᠶᠢᠨ ᠰᠡᠭᠦᠯᠴᠢ | ᠪᠣᠯᠲᠠᠯ᠎ᠠ︶ ᠪᠠᠷ ᠳᠠᠮᠵᠢᠭᠤᠯᠤᠨ᠂ ᠬᠠᠪᠤᠷ ᠤᠨ ᠤᠯᠠᠷᠢᠯ ᠤᠨ ᠤᠷᠭᠤᠯᠲᠠ ᠶᠢᠨ ᠬᠤᠭᠤᠴᠠᠭᠠᠨ ᠳᠠᠬᠢ ᠪᠡᠯᠴᠢᠭᠡᠷ | ᠰᠡᠷᠭᠦᠭᠡᠬᠦ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠨ᠎ᠡ᠃ |