ᠦᠰᠦᠭ ᠪᠢᠴᠢᠭ ᠤᠨ ᠲᠠᠶᠢᠯᠤᠮᠵᠢ᠄ ︽2023 ᠣᠨ ᠤ ᠵᠡᠭᠦᠨ ᠦᠵᠦᠮᠦᠴᠢᠨ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠤᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/11/17
      ᠵᠡᠭᠦᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽2023 ᠣᠨ ᠤ ᠵᠡᠭᠦᠨ ᠦᠵᠦᠮᠦᠴᠢᠨ ᠬᠤᠰᠢᠭᠤᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠪᠠ᠃ ᠲᠤᠤᠱᠯᠠᠭᠤᠯᠤᠨ ᠬᠡᠷᠡᠭᠵᠢᠭᠦᠯᠬᠦ ᠠᠵᠢᠯ ᠳᠤ ᠲᠥᠬᠦᠮ ᠦᠵᠡᠭᠦᠯᠬᠦ ᠶᠢᠨ ᠲᠥᠯᠦᠭᠡ᠂ ᠣᠳᠤ ᠬᠤᠯᠪᠣᠭᠳᠠᠯ ᠪᠦᠬᠦᠢ ᠠᠭᠤᠯᠭ᠎ᠠ ᠶᠢᠨ ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠠ᠄      ᠨᠢᠭᠡ᠂ ᠲᠣᠭᠲᠠᠭᠠᠭᠰᠠᠨ ᠠᠬᠤᠢ ᠪᠠᠶᠢᠳᠠᠯ      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠵᠤ᠂ ᠠᠶᠢᠮᠠᠭ ᠤᠨ ᠨᠠᠮ ᠤᠨ ᠬᠤᠷᠢᠶ᠎ᠠ᠂ ᠠᠶᠢᠮᠠᠭ ᠤᠨ ᠵᠠᠬᠢᠷᠭ᠎ᠠ ᠪᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠦᠭᠡ᠂ ︽2023 ᠣᠨ ᠤ ᠪᠥᠬᠦ ᠠᠶᠢᠮᠠᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢᠨ ᠠᠵᠢᠯ ᠤᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ︾ ︵ᠰᠢᠯᠢ ᠶᠢᠨ ᠭᠤᠣᠯ ᠬᠤᠲᠠ ᠬᠢᠨᠠᠨ ᠮᠡᠳᠡᠬᠦ ᠥᠰᠥᠭ ﹇2023﹈ 100 ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ ᠦᠨᠳᠦᠰᠦᠯᠡᠨ᠂ ᠲᠣᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃      ᠬᠤᠶᠠᠷ᠂ ︽ᠲᠥᠰᠥᠯ︾ ᠤᠨ ᠭᠤᠣᠯ ᠠᠭᠤᠯᠭ᠎ᠠ      ︽ᠰᠢᠯᠢ ᠶᠢᠨ ᠭᠤᠣᠯ ᠠᠶᠢᠮᠠᠭ ᠤᠨ 2022 ︱ 2023 ᠣᠨ ᠤ ︿ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠳᠬᠠᠬᠤ ᠲᠤᠬᠠᠢ ᠠᠵᠢᠯ ᠤᠨ ᠲᠥᠰᠥᠯ﹀ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠬᠤ ᠲᠥᠯᠥᠪᠯᠡᠭᠡ︾ ᠶᠢᠨ ᠡᠭᠦᠷᠭᠡ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠪᠦᠲᠦᠮᠵᠢᠲᠡᠶ ᠠᠬᠢᠭᠤᠯᠤᠨ᠎ᠠ᠃ ᠲᠤᠰᠬᠠᠢ ᠠᠰᠢᠭ ᠤᠨ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠡᠷᠬᠡ ᠳᠤ ᠬᠠᠯᠳᠠᠭᠰᠠᠨ ᠵᠢᠭᠤᠷᠠᠯᠳᠤᠭᠠᠨ ᠢ ᠰᠡᠷᠭᠡᠶᠢᠯᠡᠬᠦ ᠪᠠ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠰᠠᠶᠢᠲᠤᠷ ᠬᠢᠨ᠎ᠡ᠃ ᠲᠤᠰᠬᠠᠢ ᠠᠰᠢᠭ ᠤᠨ ᠡᠷᠬᠡ ᠳᠤ ᠳᠠᠪᠬᠤᠷ ᠬᠠᠯᠳᠠᠭᠰᠠᠨ᠂ ᠪᠦᠯᠬᠦᠮ ᠨᠢᠭᠡᠴᠢ ᠪᠠᠷ ᠡᠷᠬᠡ ᠳᠤ ᠬᠠᠯᠳᠠᠭᠰᠠᠨ᠂ ᠮᠠᠭᠤ ᠰᠠᠨᠠᠭ᠎ᠠ ᠲᠠᠢ ᠪᠠᠷ ᠡᠷᠬᠡ ᠳᠤ ᠬᠠᠯᠳᠠᠭᠰᠠᠨ ᠵᠡᠷᠭᠡ ᠦᠢᠯᠡ ᠠᠵᠢᠯᠯᠠᠭ᠎ᠠ ᠶᠢ ᠪᠦᠲᠦᠮᠵᠢᠲᠡᠶ ᠰᠢᠢᠳᠪᠦᠷᠢᠯᠡᠵᠦ᠂ ᠡᠷᠬᠡᠲᠦ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠪᠠᠲᠤᠯᠠᠨ᠎ᠡ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠡᠷᠬᠡ ᠳᠤ ᠬᠠᠯᠳᠠᠵᠤ ᠬᠤᠳᠠᠯ ᠬᠠᠭᠤᠷᠮᠠᠭ ᠲᠠᠸᠠᠷ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠨᠠᠷᠠᠲᠤ ᠲᠠᠸᠠᠷ ᠤᠨ ᠲᠡᠮᠳᠡᠭ᠂ ᠭᠠᠵᠠᠷ ᠵᠦᠢ ᠶᠢᠨ ᠲᠡᠮᠳᠡᠭ᠂ ᠬᠠᠭᠤᠴᠢᠨ ᠨᠠᠷᠠᠲᠤ ᠲᠠᠸᠠᠷ ᠤᠨ ᠲᠡᠮᠳᠡᠭ ᠪᠠ ᠭᠠᠳᠠᠭᠠᠳᠤ ᠳᠤ ᠬᠤᠯᠪᠣᠭᠳᠠᠬᠤ ᠲᠠᠸᠠᠷ ᠤᠨ ᠲᠡᠮᠳᠡᠭ ᠲᠤ ᠬᠠᠯᠳᠠᠭᠰᠠᠨ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠭᠤᠣᠯᠳᠠᠯᠭ᠎ᠠ ᠲᠠᠢ ᠪᠠᠶᠢᠴᠠᠭᠠᠨ ᠰᠢᠢᠳᠪᠦᠷᠢᠯᠡᠨ᠎ᠡ᠃ ᠬᠡᠪ ᠤᠨ ᠪᠤᠰᠤ ᠲᠤᠰᠬᠠᠢ ᠠᠰᠢᠭ ᠭᠤᠶᠤᠴᠢᠯᠠᠬᠤ ᠪᠠ ᠲᠠᠸᠠᠷ ᠤᠨ ᠲᠡᠮᠳᠡᠭᠲᠦ ᠶᠢ ᠮᠠᠭᠤ ᠰᠠᠨᠠᠭ᠎ᠠ ᠲᠠᠢ ᠪᠠᠷ ᠳᠠᠩᠰᠠᠯᠠᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠠᠮᠠᠭᠠᠯᠠᠯᠲᠠ ᠶᠢᠨ ᠦᠢᠯᠡᠳᠬᠦᠨ ᠪᠠ ᠬᠠᠮᠲᠤ ᠶᠢᠨ ᠲᠠᠸᠠᠷ ᠤᠨ ᠲᠡᠮᠳᠡᠭ᠂ ᠭᠡᠷᠡᠴᠢᠯᠡᠬᠦ ᠲᠠᠸᠠᠷ ᠤᠨ ᠲᠡᠮᠳᠡᠭ ᠢ ᠳᠠᠩᠰᠠᠯᠠᠭᠤᠯᠬᠤ ᠶᠢᠨ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠦᠢᠯᠡᠳᠬᠦᠨ ᠤ ᠭᠤᠣᠯᠳᠠᠯᠭ᠎ᠠ ᠲᠠᠢ ᠬᠠᠮᠠᠭᠠᠯᠠᠯᠲᠠ ᠶᠢ ᠴᠢᠩᠭᠠᠷᠠᠭᠤᠯᠤᠨ᠎ᠠ᠃ ᠣᠯᠠᠨ ᠨᠡᠶᠢᠲᠡ ᠶᠢᠨ ᠠᠰᠢᠭ ᠲᠤᠰᠠ ᠪᠠ ᠠᠷᠠᠳ ᠣᠯᠠᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠢᠳᠡᠭᠡᠨ᠂ ᠡᠮ ᠤᠨ ᠵᠦᠢᠯ᠂ ᠦᠷ᠎ᠡ ᠶᠢᠨ ᠦᠢᠯᠡᠰ᠂ ᠱᠦᠢᠨᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠢᠴᠢ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠡᠷᠭᠡᠵᠢᠯ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠢᠯᠠᠩᠭᠤᠶ᠎ᠠ ᠠᠷᠠᠳ ᠤᠨ ᠠᠮᠢᠳᠤᠷᠠᠯ ᠤᠨ ᠡᠳ᠋ ᠪᠣᠳᠠᠰ᠂ ᠲᠠᠷᠢᠶᠠᠯᠠᠩ ᠮᠠᠯ ᠠᠵᠤ ᠠᠬᠤᠢ ᠮᠠᠯᠵᠢᠬᠤ ᠲᠠᠷᠢᠶᠠᠯᠠᠬᠤ ᠣᠷᠣᠨ ᠤ ᠬᠦᠷᠢᠶ᠎ᠡ ᠴᠠᠷᠠᠭ᠎ᠠ᠂ ᠰᠦᠯᠵᠢᠶᠡᠨ ᠤ ᠵᠠᠬ᠎ᠠ ᠳᠡᠯᠭᠡᠭᠦᠷ ᠤᠨ ᠬᠦᠷᠢᠶ᠎ᠡ ᠴᠠᠷᠠᠭ᠎ᠠ᠂ ᠢᠳᠡᠭᠡᠨ᠂ ᠵᠠᠯᠠᠭᠤᠴᠤᠳ ᠪᠠᠭᠠᠴᠤᠳ ᠬᠡᠦᠬᠡᠳ ᠤᠨ ᠬᠠᠷᠠᠭ᠎ᠠ ᠶᠢ ᠨᠥᠯᠥᠭᠡᠯᠡᠬᠦ ᠬᠠᠮᠢᠶ᠎ᠠ ᠪᠦᠬᠦᠢ ᠦᠢᠯᠡᠳᠬᠦᠨ ᠵᠡᠷᠭᠡ ᠲᠠᠸᠠᠷ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠳᠠᠬᠢ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠠᠮᠠᠭᠠᠯᠠᠯᠲᠠ ᠶᠢ ᠴᠢᠩᠭᠠᠷᠠᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠡᠷᠬᠡ ᠳᠤ ᠬᠠᠯᠳᠠᠬᠤ ᠬᠤᠳᠠᠯ ᠬᠠᠭᠤᠷᠮᠠᠭ ᠲᠤ ᠴᠤᠬᠢᠯᠲᠠ ᠥᠭᠬᠦ ᠦᠶᠯᠡ ᠠᠵᠢᠯᠯᠠᠭ᠎ᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠲᠣᠰ ᠭᠠᠵᠠᠷ ᠤᠨ ᠭᠤᠣᠯᠯᠠᠨ ᠡᠷᠭᠢᠯᠡᠭᠰᠡᠨ ᠴᠠᠭᠠᠨ ᠢᠳᠡᠭᠡᠨ ᠤ ᠪᠠᠶᠠᠷ᠂ ᠴᠡᠴᠡᠭ ᠰᠣᠨᠢᠷᠬᠠᠬᠤ ᠪᠠᠶᠠᠷ ᠵᠡᠷᠭᠡ ᠪᠠᠷ ᠭᠤᠣᠯᠳᠠᠯᠭ᠎ᠠ ᠪᠣᠯᠭᠠᠵᠤ᠂ ᠴᠢᠬᠤᠯᠠ ᠶᠡᠭᠡ ᠠᠵᠢᠯᠯᠠᠭ᠎ᠠ ᠪᠠ ᠴᠢᠬᠤᠯᠠ ᠵᠠᠩᠭᠢᠯᠠᠭ᠎ᠠ ᠶᠢᠨ ᠴᠡᠭ ᠤᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠵᠠᠰᠠᠭ ᠵᠠᠬᠢᠷᠭᠠᠨ ᠤ ᠬᠠᠮᠠᠭᠠᠯᠠᠯᠲᠠ ᠶᠢ ᠴᠢᠩᠭᠠᠳᠬᠠᠨ᠎ᠠ᠃ᠵᠡᠭᠦᠨ ᠦᠵᠦᠮᠦᠴᠢᠨ ᠬᠤᠰᠢᠭᠤᠨ ᠤ ᠵᠠᠬ᠎ᠠ ᠳᠡᠯᠭᠡᠭᠦᠷ ᠢ ᠬᠢᠨᠠᠨ ᠬᠠᠮᠢᠶᠠᠷᠬᠤ ᠲᠣᠪᠴᠢᠶ᠎ᠠ2023 ᠣᠨ ᠤ 5 ᠰᠠᠷ᠎ᠠ ᠶᠢᠨ 10 ᠤ ᠡᠳᠦᠷ
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号