ᠮᠠᠨ ᠤ ᠬᠤᠰᠢᠭᠤᠨ ᠤ ᠡᠯ᠎ᠡ ᠬᠤᠯᠪᠤᠭᠳᠠᠯ ᠪᠥᠬᠦᠢ ᠰᠠᠯᠠᠭ᠎ᠠ ᠮᠦᠴᠢᠷ ᠶᠢᠨ ᠬᠢᠨ ᠢᠳᠡᠪᠬᠢᠲᠠᠢ ᠬᠥᠳᠡᠯᠤᠯᠴᠡᠨ ᠴᠠᠰᠤᠨ ᠠᠴᠠ ᠪᠤᠯᠤᠭᠰᠠᠨ ᠵᠠᠮ ᠬᠠᠷᠢᠯᠴᠠᠭᠠᠨ ᠤ ᠨᠥᠯᠤᠭᠡᠯᠡᠯ ᠢ ᠰᠠᠨᠠᠭᠠᠴᠢᠯᠠᠭ᠎ᠠ ᠲᠠᠢ ᠠᠷᠭᠠᠴᠠᠭᠠᠪᠠ
ᠨᠡᠶᠢᠲᠡᠯᠡᠭᠰᠡᠨ ᠴᠠᠭ᠄
2023/11/20
      11 ᠰᠠᠷ᠎ᠠ ᠶᠢᠨ 5 ᠤ ᠰᠥᠨᠢ ᠠᠴᠠ 6 ᠤ ᠡᠳᠦᠷ ᠪᠣᠯᠲᠠᠯ᠎ᠠ᠂ ᠮᠠᠨ ᠤ ᠬᠤᠰᠢᠭᠤᠨ ᠳᠤ ᠨᠠᠮᠤᠷ ᠠᠴᠠ ᠨᠠᠰᠢᠬᠢ ᠬᠠᠮᠤᠭ ᠤᠨ ᠶᠡᠭᠡ ᠴᠠᠰᠤ ᠣᠷᠣᠵᠤ᠂ ᠠᠭᠤᠷ ᠠᠮᠢᠰᠬᠤᠯ ᠬᠦᠢᠲᠡᠷᠡᠵᠦ᠂ ᠨᠢᠭᠡ ᠰᠥᠨᠢ ᠶᠢᠨ ᠬᠤᠭᠤᠷᠤᠨᠲᠤ  ᠳᠤ ᠮᠥᠩᠭᠦᠨ ᠴᠠᠭᠠᠨ ᠥᠩᠭᠡ ᠪᠠᠷ ᠬᠤᠴᠢᠭᠳᠠᠵᠤ᠂ ᠠᠭᠤᠷ ᠠᠮᠢᠰᠬᠤᠯ ᠴᠤ ᠣᠨᠴᠠᠭᠠᠶ ᠴᠡᠪᠡᠷ ᠲᠤᠩᠭᠠᠯᠠᠭ ᠪᠣᠯᠤᠭᠰᠠᠨ ᠪᠣᠯᠪᠠᠴᠤ ᠣᠯᠠᠨ ᠲᠥᠮᠡᠨ ᠤ ᠠᠵᠢᠯ ᠠᠮᠢᠳᠤᠷᠠᠯ ᠳᠤ ᠵᠣᠬᠢᠬᠤ ᠨᠥᠯᠦᠭᠡ ᠦᠵᠡᠭᠦᠯᠦᠭᠰᠡᠨ ᠪᠠᠶᠢᠨ᠎ᠠ᠃      ᠰᠠᠭᠤᠭᠠᠯᠢ ᠠᠷᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠠᠷᠭᠠᠴᠠᠵᠤ᠂ ᠰᠠᠭᠤᠭᠠᠯᠢ ᠠᠷᠠᠳ ᠤᠨ ᠬᠡᠪ ᠤᠨ ᠠᠮᠢᠳᠤᠷᠠᠯ ᠤᠨ ᠡᠮᠬᠢ ᠵᠢᠷᠤᠮ ᠢ ᠬᠠᠮᠠᠭᠠᠯᠠᠬᠤ ᠪᠠᠷ ᠴᠢᠷᠮᠠᠶᠢᠵᠤ ᠪᠠᠶᠢᠨ᠎ᠠ᠃ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠵᠠᠮ ᠤᠨ ᠭᠠᠳᠠᠷᠭᠤ ᠶᠢ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠵᠠᠮ ᠬᠠᠷᠢᠯᠴᠠᠭ᠎ᠠ ᠶᠢ ᠵᠢᠯᠣᠭᠤᠳᠤᠨ᠂ ᠣᠯᠠᠨ ᠲᠦᠮᠡᠨ ᠢ ᠠᠪᠤᠷᠠᠨ ᠲᠤᠰᠠᠯᠠᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠡᠮ ᠰᠣᠭᠤᠭ ᠢ ᠳᠠᠷᠠᠭᠠᠯᠠᠨ ᠪᠠᠶᠢᠴᠠᠭᠠᠬᠤ ᠶᠢᠨ ᠬᠠᠮᠲᠤ ᠥᠷᠭᠡᠨ ᠣᠯᠠᠨ ᠰᠠᠭᠤᠭᠠᠯᠢ ᠠᠷᠠᠳ ᠲᠤ ᠴᠠᠰᠤᠨ ᠤ ᠬᠦᠷᠳᠦ ᠪᠠᠨ ᠴᠠᠭ ᠲᠤᠬᠠᠢ ᠳᠤᠨᠢ ᠰᠣᠯᠢᠵᠤ᠂ ᠲᠡᠷᠭᠡ ᠵᠢᠯᠤᠭᠤᠳᠬᠤ ᠳᠠᠭᠠᠨ ᠲᠡᠷᠭᠡᠨ ᠤ ᠬᠤᠷᠳᠤᠴᠠ ᠪᠠᠨ ᠪᠠᠭᠤᠷᠠᠭᠤᠯᠵᠤ᠂ ᠲᠡᠷᠭᠡᠨ ᠤ ᠬᠤᠭᠤᠷᠤᠨᠲᠤᠬᠢ ᠠᠮᠤᠷ ᠲᠦᠪᠰᠢᠨ ᠤ ᠵᠠᠢ ᠶᠢ ᠪᠠᠲᠤᠯᠠᠬᠤ ᠶᠢ ᠰᠠᠨᠠᠭᠤᠯᠪᠠ᠃ ᠬᠠᠩ ᠲᠢᠶᠠᠨ ᠰᠠᠨ ᠴᠦᠸᠠᠩ ᠵᠡᠭᠦᠨ ᠦᠵᠤᠮᠤᠴᠢᠨ ᠬᠤᠰᠢᠭᠤᠨ ᠳᠠᠬᠢ ᠬᠤᠪᠢᠶᠠᠷᠢ ᠺᠣᠮᠫᠠᠨᠢ ᠶᠢᠨ ᠬᠢᠨ ᠮᠠᠰᠢᠨ ᠮᠧᠬᠠᠨᠢᠭ ᠪᠠ ᠬᠥᠮᠥᠨ ᠤ ᠬᠦᠴᠦ ᠪᠠᠷ ᠴᠠᠰᠤ ᠠᠷᠢᠯᠭᠠᠬᠤ ᠶᠢ ᠤᠶᠠᠯᠳᠤᠭᠤᠯᠤᠭᠰᠠᠨ ᠥᠨᠳᠥᠷ ᠪᠦᠲᠦᠮᠵᠢᠲᠡᠢ ᠠᠵᠢᠯᠯᠠᠭᠠᠨ ᠤ ᠵᠠᠭᠪᠤᠷ ᠢ ᠬᠡᠷᠡᠭᠯᠡᠵᠦ᠂ ᠤᠳᠬᠤᠭᠤᠷ ᠲᠡᠷᠭᠡ ᠵᠡᠷᠭᠡ ᠲᠤᠰᠬᠠᠢ ᠲᠥᠬᠦᠭᠡᠷᠦᠮᠵᠢ ᠶᠢ ᠬᠥᠳᠡᠯᠭᠡᠨ ᠡᠭᠡᠯᠵᠢᠯᠡᠨ ᠠᠵᠢᠯᠯᠠᠭᠤᠯᠵᠤ᠂ ᠴᠡᠪᠡᠷᠯᠡᠨ ᠠᠷᠢᠯᠭᠠᠬᠤ ᠠᠵᠢᠯ ᠤᠨ ᠰᠢᠨᠵᠢᠯᠡᠬᠦ ᠤᠬᠠᠭᠠᠨᠴᠢ᠂ ᠡᠮᠬᠢ ᠵᠢᠷᠤᠮ ᠲᠠᠢ᠂ ᠲᠦᠷᠭᠡᠨ ᠤᠷᠤᠭᠰᠢᠲᠠᠢ ᠶᠠᠪᠤᠭᠳᠠᠬᠤ ᠶᠢ ᠪᠠᠲᠤᠯᠠᠵᠤ᠂ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠠᠶᠠᠯᠠᠬᠤ ᠶᠢ ᠬᠠᠮᠠᠭᠠᠯᠠᠪᠠ᠃       ︽ᠴᠠᠰᠤᠨ ᠤ ᠪᠠᠶᠢᠳᠠᠯ ᠪᠣᠯ ᠵᠠᠷᠯᠢᠭ  ︾᠂ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠪᠣᠯ ᠬᠠᠷᠢᠭᠤᠴᠠᠯᠭ᠎ᠠ ᠮᠥᠨ᠃ ᠲᠣᠰ ᠤᠳᠠᠭᠠᠨ ᠤ ᠴᠠᠰᠤ ᠣᠷᠣᠭᠰᠠᠨ ᠪᠠᠶᠢᠳᠠᠯ ᠳᠤ ᠴᠢᠭᠯᠡᠭᠦᠯᠦᠨ᠂ ᠬᠤᠰᠢᠭᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠡᠷᠲᠡ ᠠᠴᠠ ᠲᠣᠬᠢᠷᠠᠭᠤᠯᠤᠨ᠂ ᠡᠷᠲᠡ ᠠᠴᠠ ᠪᠠᠶᠢᠷᠢᠯᠠᠭᠤᠯᠵᠤ᠂ ᠲᠣᠨᠤᠭ ᠲᠥᠬᠦᠭᠡᠷᠦᠮᠵᠢ ᠪᠠᠨ ᠤᠷᠢᠳᠴᠢᠯᠠᠨ ᠠᠷᠠᠴᠢᠯᠠᠨ ᠬᠠᠮᠠᠭᠠᠯᠠᠵᠤ᠂ ᠴᠠᠰᠤ ᠬᠠᠶᠢᠯᠤᠭᠤᠯᠬᠤ ᠡᠳ᠋ ᠪᠣᠯᠣᠨ ᠳᠠᠪᠤᠰᠤ ᠬᠤᠳᠠᠯᠳᠤᠨ ᠠᠪᠤᠭᠰᠠᠨ ᠪᠥᠭᠡᠳ ᠭᠠᠵᠠᠷ ᠲᠡᠭᠰᠢᠯᠡᠬᠦ ᠮᠠᠰᠢᠨ ᠪᠣᠯᠣᠨ ᠠᠴᠢᠬᠤ ᠮᠠᠰᠢᠨ ᠲᠣᠬᠢᠷᠠᠭᠤᠯᠤᠨ ᠬᠤᠷᠠᠭᠰᠠᠨ ᠴᠠᠰᠤ ᠶᠢ ᠴᠡᠪᠡᠷᠯᠡᠵᠡᠢ᠃ 6 ᠤ ᠡᠳᠦᠷ ᠤᠨ ᠥᠷᠯᠥᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠵᠢᠯᠲᠠᠳ ᠤᠯᠤᠰ ᠤᠨ ᠵᠠᠮ ᠳᠠᠭᠠᠤ ᠲᠣᠭᠤᠷᠢᠨ ᠪᠠᠶᠢᠴᠠᠭᠠᠬᠤ ᠪᠠᠷ ᠳᠡᠮᠵᠢᠨ᠂  ᠬᠤᠰᠢᠭᠤ ᠠᠶᠠᠨᠴᠢᠳ ᠤᠨ ᠮᠠᠰᠢᠨ ᠲᠡᠷᠭᠡᠨ ᠤ ᠥᠷᠲᠡᠭᠡ ᠳᠤ ᠲᠡᠭᠡᠭᠡᠪᠦᠷᠢᠯᠡᠬᠦ ᠶᠢ ᠪᠥᠬᠦ ᠲᠠᠯ᠎ᠠ ᠪᠠᠷ ᠵᠣᠭᠰᠤᠭᠠᠬᠤ ᠲᠣᠬᠢᠷᠠᠭᠤᠯᠤᠯᠲᠠ ᠬᠢᠵᠡᠢ᠃ ᠳᠠᠷᠠᠭᠠᠴᠢ ᠶᠢᠨ ᠠᠯᠬᠤᠮ ᠳᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠵᠠᠮ ᠤᠨ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠵᠦ᠂ ᠠᠮᠤᠷ ᠲᠦᠪᠰᠢᠨ ᠤ ᠳᠠᠯᠳᠠ ᠬᠡᠮ ᠢ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠠᠮᠤᠷ ᠲᠦᠪᠰᠢᠨ   ᠢ ᠪᠦᠬᠦ ᠬᠦᠴᠦᠨ   ᠢᠶᠠᠷ   ᠢᠶᠠᠨ ᠪᠠᠲᠤᠯᠠᠬᠤ ᠪᠣᠯᠣᠨ᠎ᠠ᠃      ᠬᠤᠰᠢᠭᠤ  ᠴᠠᠭ ᠠᠭᠤᠷ ᠤᠨ ᠲᠣᠪᠴᠢᠶ᠎ᠠ ᠶᠢᠨ 11 ᠰᠠᠷ᠎ᠠ ᠶᠢᠨ 6 ᠤ ᠡᠳᠦᠷ ᠤᠨ 07 ᠴᠠᠭ 58 ᠮᠢᠨᠦ᠋ᠲ ᠲᠤ ᠨᠡᠶᠢᠲᠡᠯᠡᠭᠰᠡᠨ ᠤᠨᠴᠠ ᠶᠡᠭᠡ ᠤᠷᠤᠬᠤ ᠰᠢᠷ᠎ᠠ ᠥᠩᠭᠡ ᠶᠢᠨ ᠰᠡᠷᠡᠮᠵᠢ ᠶᠢᠨ ᠳᠣᠬᠢᠶ᠎ᠠ ᠶᠢ ᠦᠨᠳᠦᠰᠦᠯᠡᠪᠡᠯ᠂ 12 ᠴᠠᠭ ᠤᠨ ᠳᠣᠲᠣᠷ᠎ᠠ ᠵᠡᠭᠦᠨ ᠦᠵᠦᠮᠦᠴᠢᠨ ᠬᠤᠰᠢᠭᠤᠨ ᠤ ᠬᠦᠷᠢᠶᠠᠳᠤᠨᠠᠭᠤᠷ ᠰᠤᠮᠤᠨ ᠤ ᠴᠠᠰᠤᠨ ᠤ ᠬᠡᠮᠵᠢᠶ᠎ᠡ 6 ᠮᠢᠯᠢᠮᠧᠲᠷ ᠠᠴᠠ ᠳᠡᠭᠡᠭᠰᠢ ᠬᠦᠷᠴᠤ᠂ ᠮᠠᠯᠵᠢᠬᠤ ᠣᠷᠣᠨ ᠤ ᠦᠢᠯᠡᠳᠪᠦᠷᠢᠯᠡᠯ ᠠᠮᠢᠳᠤᠷᠠᠯ ᠳᠤ ᠵᠣᠬᠢᠬᠤ ᠬᠡᠮᠵᠢᠶᠡᠨ ᠤ ᠨᠥᠯᠥᠭᠡ ᠤᠴᠠᠷᠠᠭᠤᠯᠵᠤ ᠮᠡᠳᠡᠨ᠎ᠡ᠃ ᠠᠭᠠᠷ ᠤᠨ ᠳᠤᠯᠠᠭᠠᠨ ᠭᠡᠨᠡᠳᠲᠡ ᠳᠣᠷᠣᠭᠰᠢᠯᠠᠵᠤ᠂ ᠬᠡᠷᠪᠡ ᠬᠤᠷᠠᠭᠰᠠᠨ ᠴᠠᠰᠤ ᠣᠷᠳᠣ ᠬᠤᠭᠤᠴᠠᠭ᠎ᠠ ᠪᠠᠷ ᠬᠠᠶᠢᠯᠬᠤ ᠦᠭᠡᠢ ᠪᠣᠯ ᠮᠠᠯᠵᠢᠬᠤ ᠣᠷᠣᠨ ᠤ ᠲᠡᠵᠢᠭᠡᠯ ᠪᠣᠷᠳᠤᠭ᠎ᠠ ᠶᠢᠨ ᠨᠥᠭᠡᠴᠡᠯᠡᠯᠲᠡ ᠳᠤ ᠨᠢᠭᠡ ᠵᠦᠢᠯ ᠤᠨ ᠬᠠᠲᠠᠭᠤ ᠴᠢᠩᠭ᠎ᠠ ᠰᠢᠯᠭᠠᠯᠲᠠ ᠪᠣᠯᠵᠤ᠂ ᠮᠠᠯ ᠤᠨᠤᠭ᠎ᠠ ᠶᠢᠨ ᠲᠠᠷᠭᠤ ᠬᠦᠴᠦ ᠪᠠᠭᠤᠷᠠᠬᠤ ᠪᠤᠶᠤ ᠰᠦᠢᠳᠵᠤ ᠮᠡᠳᠡᠨ᠎ᠡ᠃ ᠠᠳᠡ ᠥᠷᠭᠡᠨ ᠣᠯᠠᠨ ᠮᠠᠯᠴᠢᠳ ᠲᠤ ᠲᠡᠵᠢᠭᠡᠯ ᠪᠣᠷᠳᠤᠭ᠎ᠠ ᠪᠠᠨ ᠤᠷᠢᠳᠴᠢᠯᠠᠨ ᠭᠦᠢᠴᠡᠳ ᠪᠡᠯᠡᠳᠬᠡᠵᠦ᠂ ᠴᠠᠰᠦ ᠵᠤᠳ ᠤᠨ ᠭᠠᠮᠰᠢᠭ ᠠᠴᠠ ᠰᠡᠷᠭᠡᠶᠢᠯᠡᠬᠦ ᠪᠡᠯᠡᠳᠬᠡᠯ ᠠᠵᠢᠯ ᠢ ᠰᠠᠶᠢᠲᠤᠷ ᠬᠢᠬᠦ ᠶᠢ ᠰᠠᠨᠠᠭᠤᠯᠵᠤ ᠪᠠᠶᠢᠨ᠎ᠠ︕
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号