11 ᠰᠠᠷ᠎ᠠ ᠶᠢᠨ 8 ᠤ ᠡᠳᠦᠷ᠂ ᠬᠤᠰᠢᠭᠤ ᠬᠠᠮ ᠵᠠᠭᠤᠴᠢᠯᠠᠭᠤᠷ ᠤᠨ ᠲᠥᠪ ᠬᠤᠷᠢᠨ ᠳᠥᠷᠪᠡᠲᠡᠬᠢ | ᠰᠣᠷᠪᠣᠯᠵᠢᠯᠠᠭᠴᠢᠳ ᠤᠨ ᠪᠠᠶᠠᠷ ᠢ ᠪᠡᠯᠭᠡᠯᠡᠬᠦ ᠵᠢᠴᠢ ᠰᠢᠯᠢᠳᠡᠭ ᠰᠣᠨᠢᠨ ᠮᠡᠳᠡᠭᠡᠨ ᠤ ᠪᠦᠲᠦᠭᠡᠯ ᠤᠨ ᠲᠤᠷᠰᠢᠯᠭ᠎ᠠ | ᠰᠤᠯᠢᠯᠴᠠᠬᠤ ᠬᠤᠷᠠᠯ ᠬᠤᠷᠠᠯᠳᠤᠪᠠ᠃ ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠪᠣᠯᠪᠠᠰᠤᠨ | ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠬᠤᠰᠢᠭᠤ ᠬᠠᠮ | ᠵᠠᠭᠤᠴᠢᠯᠠᠭᠤᠷ ᠤᠨ ᠲᠥᠪ ᠤᠨ ᠪᠥᠬᠦ ᠺᠠᠳ᠋ᠷ ᠠᠵᠢᠯᠲᠠᠨ ᠨᠢᠭᠡ ᠲᠠᠩᠬᠢᠮ ᠳᠤ ᠴᠤᠭᠯᠠᠷᠠᠵᠤ᠂ ᠰᠣᠨᠢᠨ ᠮᠡᠳᠡᠭᠡᠨ ᠤ | ᠠᠵᠢᠯᠲᠠᠳ ᠤᠨ ᠪᠠᠶᠠᠷ ᠤᠨ ᠡᠳᠦᠷ ᠢᠶᠠᠨ ᠬᠠᠮᠲᠤ ᠪᠠᠷ ᠪᠡᠯᠭᠡᠯᠡᠪᠡ᠃ | ᠲᠤᠷᠰᠢᠯᠭ᠎ᠠ ᠰᠤᠯᠢᠯᠴᠠᠬᠤ ᠬᠤᠷᠠᠯ ᠤᠨ ᠲᠤᠬᠠᠢ ᠶᠢᠨ ᠲᠠᠯᠠᠪᠠᠢ ᠳᠤ 2023 ᠣᠨ ᠤ ᠰᠢᠯᠢᠳᠡᠭ ᠰᠣᠨᠢᠨ | ᠮᠡᠳᠡᠭᠡᠨ ᠤ ᠪᠦᠲᠦᠭᠡᠯ᠂ ᠰᠢᠯᠢᠳᠡᠭ ᠰᠣᠨᠢᠨ ᠮᠡᠳᠡᠭᠡᠨ ᠤ ᠠᠵᠢᠯᠲᠠᠳ ᠢ ᠬᠥᠬᠢᠭᠦᠯᠦᠨ ᠰᠠᠶᠢᠰᠢᠶᠠᠭᠰᠠᠨ ᠪᠥᠭᠡᠳ 6 | ᠨᠡᠷ᠎ᠡ ᠰᠤᠷᠪᠤᠯᠵᠢᠯᠠᠭᠴᠢ ᠠᠴᠠ ᠥᠪᠡᠷ ᠤᠨ ᠰᠤᠷᠪᠤᠯᠵᠢᠯᠠᠭᠰᠠᠨ ᠥᠩᠭᠡᠷᠡᠯᠲᠡ ᠪᠠ ᠲᠥᠷᠥᠭᠳᠡᠯ ᠢᠶᠠᠨ ᠬᠤᠪᠢᠶᠠᠯᠴᠠᠵᠠᠢ | ᠃ | ᠬᠤᠷᠠᠯ ᠠᠴᠠ ᠵᠢᠭᠠᠬᠤ ᠳᠠᠭᠠᠨ᠂ ᠵᠡᠭᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠥᠪ | 2019 ᠣᠨ ᠤ 6 ᠰᠠᠷ᠎ᠠ ᠳᠤ ᠪᠠᠶᠢᠭᠤᠯᠤᠭᠳᠠᠭᠰᠠᠨ ᠠᠴᠠ ᠣᠲᠣ ᠪᠣᠯᠲᠠᠯ᠎ᠠ᠂ ᠳᠡᠭᠡᠳᠦ ᠱᠠᠲᠤᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠭᠤᠣᠯ ᠵᠠᠭᠤᠴᠢᠯᠠᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠤᠨ᠂ ᠰᠣᠨᠢᠨ ᠮᠡᠳᠡᠭᠡᠨ ᠤ | ᠮᠡᠳᠡᠭᠡᠯᠡᠯ ᠠᠮᠢᠳᠤᠯᠢᠭ᠂ ᠭᠠᠳᠠᠭᠰᠢ ᠤᠬᠠᠭᠤᠯᠭ᠎ᠠ ᠬᠢᠬᠦ ᠳᠡᠭᠡᠨ ᠴᠢᠨᠠᠷ ᠰᠠᠶᠢᠲᠠᠢ ᠪᠥᠭᠡᠳ ᠲᠤᠭ᠎ᠠ ᠬᠡᠮᠵᠢᠶ᠎ᠡ ᠲᠠᠢ | ᠪᠠᠶᠢᠵᠤ᠂ ᠬᠤᠰᠢᠭᠤᠨ ᠤ ᠪᠠᠨ ᠶᠠᠪᠤᠳᠠᠯ ᠢ ᠰᠠᠶᠢᠲᠤᠷ ᠶᠠᠷᠢᠬᠤ᠂ ᠬᠤᠰᠢᠭᠤᠨ ᠤ ᠪᠠᠨ ᠲᠠᠭᠤᠨ ᠢ ᠰᠠᠶᠢᠲᠤᠷ | ᠤᠯᠠᠮᠵᠢᠯᠠᠨ᠂ ᠬᠤᠰᠢᠭᠤᠨ ᠤ ᠪᠠᠨ ᠳᠦᠷᠢ ᠲᠥᠷᠬᠦ ᠶᠢ ᠰᠠᠶᠢᠲᠤᠷ ᠬᠠᠷᠠᠭᠤᠯᠬᠤ ᠳᠤ ᠰᠣᠨᠢᠨ ᠮᠡᠳᠡᠭᠡᠨ ᠤ | ᠤᠬᠠᠭᠤᠯᠭ᠎ᠠ ᠶᠢᠨ ᠠᠵᠢᠯᠲᠠᠳ ᠬᠤᠪᠢ ᠨᠡᠮᠡᠷᠢ ᠢᠶᠠᠨ ᠦᠵᠡᠭᠦᠯᠦᠭᠰᠡᠨ ᠪᠠᠶᠢᠨ᠎ᠠ᠃ ᠥᠷᠭᠡᠨ ᠤᠯᠠᠨ ᠰᠣᠨᠢᠨ | ᠮᠡᠳᠡᠭᠡᠨ ᠤ ᠠᠵᠢᠯᠲᠠᠳ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠵᠥᠪ ᠣᠨᠣᠪᠴᠢᠲᠠᠢ | ᠤᠯᠤᠰ ᠲᠦᠷᠦ ᠶᠢᠨ ᠴᠢᠭᠯᠡᠯ ᠢ ᠡᠵᠡᠮᠳᠡᠵᠦ᠂ ᠴᠢᠨᠠᠭᠰᠢᠳᠠ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠢᠳᠡᠪᠬᠢ | ᠬᠦᠴᠦᠨ ᠢ ᠪᠠᠳᠠᠷᠠᠭᠤᠯᠵᠤ᠂ ᠴᠤᠭ ᠰᠦᠯᠳᠡ ᠪᠠᠨ ᠪᠠᠳᠠᠷᠠᠭᠤᠯᠵᠤ᠂ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠳᠤ ᠢᠳᠡᠪᠬᠢᠲᠡᠢ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠬᠤ ᠶᠢ | ᠬᠦᠰᠡᠵᠦ ᠪᠠᠶᠢᠨ᠎ᠠ ᠭᠡᠵᠡᠢ᠃ | ᠬᠥᠳᠡᠯᠭᠡᠭᠡᠨ ᠶᠢᠨ ᠲᠤᠬᠠᠢ ᠶᠢᠨ ᠲᠠᠯᠠᠪᠠᠶ ᠳᠤ᠂ ᠰᠣᠨᠢᠨ ᠮᠡᠳᠡᠭᠡᠨ ᠤ ᠠᠵᠢᠯᠲᠠᠳ ᠳᠠᠭᠤᠤ᠂ ᠪᠥᠵᠢᠭ ᠵᠡᠷᠭᠡ | ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠰᠣᠨᠢᠷᠬᠠᠭᠤᠯᠵᠤ᠂ ᠰᠣᠨᠢᠨ ᠮᠡᠳᠡᠭᠡᠨ ᠤ ᠠᠵᠢᠯᠲᠠᠳ ᠤᠨ | ᠡᠷᠴᠢ ᠵᠣᠷᠢᠭ ᠲᠠᠢ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢ ᠬᠠᠷᠠᠭᠤᠯᠤᠨ᠂ ᠰᠣᠨᠢᠨ | ᠮᠡᠳᠡᠭᠡᠨ ᠤ ᠠᠵᠢᠯᠲᠠᠳ ᠤᠨ ᠬᠦᠰᠡᠯ ᠵᠡᠭᠦᠳᠦ ᠪᠣᠯᠣᠨ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ ᠴᠠᠭ ᠦᠶ᠎ᠡ ᠲᠠᠢ | ᠮᠥᠷᠥ ᠵᠡᠷᠭᠡᠴᠡᠨ ᠤᠷᠤᠭᠰᠢᠯᠠᠬᠤ ᠢᠲᠡᠭᠡᠯ ᠵᠣᠷᠢᠭ ᠢ ᠳᠠᠬᠢᠨᠲᠠ ᠬᠠᠷᠠᠭᠤᠯᠵᠠᠢ᠃ ᠲᠣᠭᠯᠠᠯᠲᠠ ᠶᠢᠨ ᠳᠤᠮᠳᠠ ᠪᠠᠰᠠ | ᠬᠠᠷᠢᠯᠴᠠᠨ ᠦᠢᠯᠡᠳᠦᠯᠴᠡᠬᠦ ᠲᠣᠭᠯᠠᠭᠠᠮ ᠶᠠᠪᠤᠭᠳᠠᠭᠤᠯᠵᠤ ᠲᠤᠬᠠᠢ ᠶᠢᠨ ᠲᠠᠯᠠᠪᠠᠢ ᠪᠠᠶᠠᠷ ᠬᠦᠷ ᠢᠶᠠᠷ ᠪᠢᠯᠬᠠᠪᠠ᠃ | ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠬᠤ ᠶᠢ | ᠪᠠᠷᠢᠮᠲᠠᠯᠠᠵᠤ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ | ᠪᠦᠬᠦ ᠤᠯᠤᠰ ᠤᠨ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ | ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠣᠭᠤᠷᠢᠨ ᠳᠤ ᠵᠥᠪ ᠣᠨᠣᠪᠴᠢᠲᠠᠶ ᠤᠯᠤᠰ ᠲᠥᠷᠥ ᠶᠢᠨ ᠴᠢᠭᠯᠡᠯ ᠪᠠ ᠶᠠᠷᠢᠶ᠎ᠠ ᠬᠡᠯᠡᠯᠴᠡᠭᠡᠨ ᠤ | ᠤᠳᠤᠷᠢᠳᠤᠮᠵᠢ ᠶᠢ ᠪᠠᠲᠤ ᠡᠵᠡᠮᠳᠡᠵᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ᠂ ᠰᠢᠨ᠎ᠡ ᠶᠢ | ᠡᠭᠦᠳᠴᠦ᠂ ᠲᠠᠰᠤᠷᠠᠯᠲᠠ ᠦᠭᠡᠢ ᠰᠤᠷᠤᠯᠴᠠᠵᠤ᠂ ︽ᠳᠥᠷᠪᠡᠨ ᠬᠦᠴᠦᠨ︾ ᠢ ᠴᠢᠩᠭᠠᠷᠠᠭᠤᠯᠤᠨ᠂ ᠨᠠᠩ ᠣᠯᠠᠨ᠂ | ᠨᠠᠩ ᠰᠠᠶᠢᠨ ᠬᠠᠮ ᠵᠠᠭᠤᠴᠢᠯᠠᠭᠤᠷ ᠤᠨ ᠪᠦᠲᠦᠭᠡᠯ ᠢ ᠵᠣᠬᠢᠶᠠᠨ ᠪᠦᠲᠦᠭᠡᠵᠦ᠂ ᠰᠣᠨᠢᠨ ᠮᠡᠳᠡᠭᠡᠨ ᠤ ᠶᠠᠷᠢᠶ᠎ᠠ | ᠬᠡᠯᠡᠯᠴᠡᠭᠡᠨ ᠤ ᠤᠯᠠᠮᠵᠢᠯᠠᠬᠤ ᠬᠦᠴᠦᠨ᠂ ᠬᠥᠲᠥᠯᠥᠨ ᠵᠢᠯᠤᠭᠤᠳᠬᠤ ᠬᠦᠴᠦᠨ᠂ ᠨᠥᠯᠥᠭᠡᠯᠡᠬᠦ ᠬᠦᠴᠦᠨ᠂ ᠣᠯᠠᠨ | ᠨᠡᠶᠢᠲᠡ ᠶᠢ ᠢᠲᠡᠭᠡᠭᠦᠯᠬᠦ ᠬᠦᠴᠦᠨ ᠢ ᠦᠨᠡᠨ ᠬᠦ ᠳᠡᠭᠡᠭᠰᠢᠯᠡᠭᠦᠯᠵᠦ᠂ ᠬᠤᠰᠢᠭᠤᠨ ᠤ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠠᠤᠭ᠎ᠠ ᠶᠡᠭᠡ ᠬᠦᠴᠦᠨ ᠴᠢᠳᠠᠯ ᠢ ᠨᠢᠭᠲᠠᠷᠠᠭᠤᠯᠬᠤ ᠪᠤᠯᠤᠨ᠎ᠠ᠃ | ᠰᠣᠷᠪᠣᠯᠵᠢᠯᠠᠭᠴᠢ ᠶᠢᠨ ᠪᠠᠶᠠᠷ ᠢ ᠳᠣᠬᠢᠶᠠᠯᠳᠤᠭᠤᠯᠤᠨ᠂ ᠬᠤᠰᠢᠭᠤ ᠨᠠᠮ ᠤᠨ ᠬᠤᠷᠢᠶᠠᠨ ᠤ ᠤᠬᠠᠭᠤᠯᠬᠤ | ᠬᠡᠯᠲᠡᠰ ᠵᠢᠴᠢ ᠬᠤᠰᠢᠭᠤ ᠬᠠᠮ ᠵᠠᠭᠤᠴᠢᠯᠠᠭᠤᠷ ᠤᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠠᠬᠠᠮᠠᠳ | ᠰᠤᠷᠪᠤᠯᠵᠢᠯᠠᠭᠴᠢ᠂ ᠠᠬᠠᠮᠠᠳ ᠨᠥᠬᠦᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ | ᠵᠥᠩᠨᠡᠯ ᠪᠠ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠪᠡ᠃ | |