ᠶᠡᠷᠦᠩᠬᠡᠶ ᠱᠦᠵᠢ ᠰᠢ ᠶᠢᠨ ᠫᠢᠩ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠠᠵᠢᠯ ᠤᠨ | ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠭᠦᠯᠦᠨ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ | ᠢᠶᠠᠷ ᠢᠶᠠᠨ ᠵᠠᠰᠠᠬᠤ ᠭᠠᠯ ᠰᠡᠷᠭᠡᠶᠢᠯᠡᠬᠦ ᠠᠮᠤᠷ ᠲᠦᠪᠰᠢᠨ ᠤ ᠰᠦᠯᠵᠢᠶ᠎ᠡ ᠶᠢ ᠪᠠᠶᠢᠭᠤᠯᠬᠤ ᠶᠢᠨ ᠲᠥᠯᠥᠭᠡ᠂ ︿︿ | ᠰᠡᠷᠭᠡᠶᠢᠯᠡᠬᠦ ᠪᠠᠷ ᠭᠤᠤᠯ ᠪᠣᠯᠭᠠᠵᠤ᠂ ᠠᠮᠢ ᠨᠠᠰᠤ ᠶᠢ ᠳᠡᠭᠡᠳᠦᠯᠡᠬᠦ﹀﹀ ᠪᠠᠷ ᠭᠤᠤᠯ ᠰᠡᠳᠦᠪ ᠪᠣᠯᠭᠠᠭᠰᠠᠨ 2023 | ᠣᠨ ᠤ ᠪᠥᠬᠦ ᠤᠯᠤᠰ ᠤᠨ ︿︿119﹀﹀ ᠭᠠᠯ ᠰᠡᠷᠭᠡᠶᠢᠯᠡᠬᠦ ᠤᠬᠠᠭᠤᠯᠭ᠎ᠠ ᠶᠢᠨ ᠰᠠᠷ᠎ᠠ ᠶᠢᠨ ᠡᠬᠢᠯᠡᠯᠲᠡ ᠶᠢᠨ | ᠶᠣᠰᠣᠯᠠᠯ 11 ᠰᠠᠷ᠎ᠠ ᠶᠢᠨ 9 ᠤ ᠡᠳᠦᠷ᠂ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠡᠶ᠎ᠡ ᠲᠠᠮᠢᠷ ᠤᠨ | ᠣᠷᠳᠣᠨ ᠳᠤ ᠶᠠᠪᠤᠭᠳᠠᠪᠠ ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ | ᠤᠨ ᠣᠯᠣᠰ ᠲᠦᠷᠦ ᠶᠢᠨ ᠭᠡᠰᠢᠭᠦᠨ ᠴᠧᠨ ᠽᠠᠢ ᠯᠢᠨ ᠵᠢᠴᠢ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ | ᠬᠠᠮᠢᠶᠠᠷᠤᠯᠲᠠ ᠶᠢᠨ ᠲᠣᠪᠴᠢᠶ᠎ᠠ᠂ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ᠂ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳᠠᠭᠤᠲᠤᠨᠠᠭᠤᠷ ᠪᠠᠯᠭᠠᠰᠤ᠂ ᠣᠷᠣᠨ ᠰᠠᠭᠤᠴᠠ ᠬᠢᠭᠡᠳ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ ᠵᠡᠷᠭᠡ ᠬᠠᠮᠢᠶ᠎ᠠ ᠪᠥᠬᠦᠶ ᠨᠢᠭᠡᠴᠡ ᠶᠢᠨ ᠭᠤᠤᠯ | ᠬᠠᠷᠢᠭᠤᠴᠠᠯᠭᠠᠲᠠᠨ ᠶᠣᠰᠣᠯᠠᠯ ᠳᠤ ᠣᠷᠣᠯᠴᠠᠪᠠ ᠃ | ᠴᠧᠨ ᠽᠠᠢ ᠯᠢᠨ ᠴᠢᠬᠤᠯᠠᠴᠢᠯᠠᠭᠰᠠᠨ ᠨᠢ᠂ ᠭᠠᠯ ᠤᠨᠲᠠᠷᠠᠭᠠᠬᠤ ᠠᠵᠢᠯ ᠨᠢ ᠠᠷᠠᠳ ᠤᠨ ᠠᠮᠢᠳᠤᠷᠠᠯ ᠤᠨ | ᠠᠮᠤᠷ ᠲᠦᠪᠰᠢᠨ ᠳᠤ ᠬᠤᠯᠪᠣᠭᠳᠠᠵᠤ᠂ ᠥᠭᠡᠷᠡᠴᠢᠯᠡᠯᠲᠡ ᠬᠥᠭᠵᠢᠯᠲᠡ ᠲᠣᠭᠲᠠᠭᠤᠨ ᠤ ᠶᠡᠭᠡ ᠲᠠᠯ᠎ᠠ ᠳᠤ | ᠬᠤᠯᠪᠣᠭᠳᠠᠵᠤ᠂ ᠭᠠᠯ ᠤᠨᠲᠠᠷᠠᠭᠠᠬᠤ ᠦᠶᠯᠡᠰ ᠢ ᠬᠥᠭᠵᠢᠭᠦᠯᠬᠦ ᠨᠢ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ | ᠮᠦᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ᠂ ᠡᠯ᠎ᠡ ᠭᠠᠯ ᠤᠨᠲᠠᠷᠠᠭᠠᠬᠤ ᠭᠤᠣᠯᠳᠠᠯᠭ᠎ᠠ ᠲᠠᠢ ᠨᠢᠭᠡᠴᠡ ᠶᠢᠨ ᠬᠢᠨ | ᠠᠮᠤᠷ ᠲᠦᠪᠰᠢᠨ ᠤ ᠰᠠᠨᠠᠭᠠᠰᠢᠷᠠᠬᠤ ᠤᠬᠠᠮᠰᠠᠷ ᠪᠣᠯᠤᠨ ᠬᠠᠷᠢᠭᠤᠴᠠᠯᠭ᠎ᠠ ᠠᠯᠢᠪᠠ ᠠᠴᠠ ᠡᠷᠬᠢᠮ ᠪᠠᠶᠢᠬᠤ ᠦᠵᠡᠯ | ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠭᠤᠣᠯᠳᠠᠯᠭ᠎ᠠ ᠲᠠᠢ ᠠᠵᠢᠯ ᠲᠦᠷᠦᠯ᠂ ᠭᠤᠣᠯᠳᠠᠯᠭ᠎ᠠ ᠲᠠᠢ ᠲᠠᠯᠠᠪᠤᠷ | ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠴᠠᠭᠠᠯᠲᠠ ᠶᠢᠨ | ᠡᠷᠴᠢᠮ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠡᠨᠡ ᠡᠪᠦᠯ ᠢᠷᠡᠬᠦ ᠬᠠᠪᠤᠷ ᠤᠨ ᠭᠠᠯ ᠤᠨᠲᠠᠷᠠᠭᠠᠬᠤ ᠠᠮᠤᠷ | ᠲᠦᠪᠰᠢᠨ ᠤ ᠠᠵᠢᠯ ᠢ ᠦᠨᠡᠨᠬᠦ ᠰᠠᠶᠢᠲᠤᠷ ᠬᠢᠵᠦ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ | ᠪᠣᠯᠤᠨ ᠠᠷᠠᠳ ᠤᠯᠠᠨ ᠤ ᠠᠮᠤᠷ ᠲᠠᠶᠢᠪᠤᠩ ᠠᠵᠤ ᠲᠦᠷᠦᠭᠦ ᠳᠤ ᠭᠠᠯ ᠤᠨᠲᠠᠷᠠᠭᠠᠬᠤ ᠠᠮᠤᠷ ᠲᠦᠪᠰᠢᠨ ᠤ ᠰᠠᠶᠢᠨ | ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ ᠥᠭᠬᠦ ᠬᠡᠷᠡᠭᠲᠡᠢ ᠭᠡᠵᠡᠢ ᠃ | ᠶᠣᠰᠣᠯᠠᠯ ᠳᠤ᠂《 2023 ᠣᠨ ᠤ ᠨᠢᠭᠡ ᠠᠩᠭᠢ ᠨᠢᠭᠡ ᠲᠥᠪ ᠤᠨ ᠪᠥᠲᠥᠭᠡᠨ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠨᠢᠭᠡᠴᠡ﹀﹀᠂ ︿︿2023 ᠣᠨ ᠤ ᠭᠠᠯ ᠤᠨᠲᠠᠷᠠᠭᠠᠬᠤ ᠠᠵᠢᠯ ᠤᠨ ᠲᠡᠷᠢᠭᠦᠨ ᠤ ᠨᠢᠭᠡᠴᠡ﹀﹀ | ᠵᠢᠴᠢ ︿︿ᠲᠡᠷᠢᠭᠦᠨ ᠤ ᠬᠤᠪᠢ ᠬᠥᠮᠦᠨ﹀﹀ ᠢ ᠬᠥᠬᠢᠭᠦᠯᠦᠨ ᠰᠠᠶᠢᠰᠢᠶᠠᠭᠰᠠᠨ ᠤ ᠬᠠᠮᠲᠦ᠂ ᠭᠠᠯ ᠤᠨᠲᠠᠷᠠᠭᠠᠬᠤ ᠭᠤᠤᠯ | ᠰᠡᠳᠦᠪᠲᠦ ᠨᠡᠶᠢᠲᠡ ᠶᠢᠨ ᠮᠠᠰᠢᠨ ᠲᠡᠷᠭᠡᠨ ᠤ ᠫᠠᠶᠢᠰᠠ ᠶᠢ ᠰᠡᠬᠦᠪᠡ ᠃ | ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠳᠤ ᠭᠠᠯ ᠤᠨᠲᠠᠷᠠᠭᠠᠬᠤ ᠲᠣᠨᠤᠭ ᠲᠥᠬᠦᠭᠡᠷᠦᠮᠵᠢ ᠶᠢᠨ | ᠦᠵᠡᠭᠦᠯᠦᠯᠭᠡ ᠶᠢᠨ ᠲᠣᠭᠤᠷᠢᠭ ᠪᠠ ᠭᠠᠯ ᠤᠨᠲᠠᠷᠠᠭᠠᠬᠤ ᠮᠡᠳᠡᠯᠭᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠲᠣᠭᠤᠷᠢᠭ ᠢ ᠲᠣᠬᠢᠷᠠᠭᠤᠯᠵᠤ᠂ ᠲᠤᠬᠠᠶ ᠶᠢᠨ ᠲᠠᠯᠠᠪᠠᠶ ᠶᠢᠨ ᠬᠥᠮᠦᠰ ᠲᠤ ᠭᠠᠯ ᠤᠨᠲᠠᠷᠠᠭᠠᠬᠤ ᠪᠠᠭᠠᠵᠢ ᠬᠡᠷᠡᠭᠰᠡᠯ ᠢ | ᠬᠡᠷᠡᠭᠯᠡᠬᠦ ᠠᠷᠭ᠎ᠠ ᠶᠢ ᠲᠠᠶᠢᠯᠪᠤᠷᠢᠯᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠳᠡᠯᠭᠡᠨ ᠦᠵᠡᠭᠦᠯᠵᠦ᠂ ᠣᠯᠠᠨ ᠢ | ᠪᠡᠶᠡᠴᠢᠯᠡᠨ ᠣᠶᠢᠯᠠᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠠᠯ ᠤᠨᠲᠠᠷᠠᠭᠠᠬᠤ ᠠᠮᠤᠷ ᠲᠦᠪᠰᠢᠨ ᠤ ᠮᠡᠳᠡᠯᠭᠡ | ᠶᠢ ᠰᠤᠷᠤᠯᠴᠠᠭᠤᠯᠵᠤ᠂ ᠲᠡᠳᠡᠨ ᠤ ᠭᠠᠯ ᠤᠨᠲᠠᠷᠠᠭᠠᠬᠤ ᠠᠮᠤᠷ ᠲᠦᠪᠰᠢᠨ ᠤ ᠦᠵᠡᠯ ᠤᠬᠠᠮᠰᠠᠷ ᠢ ᠨᠢ | ᠳᠡᠭᠡᠭᠰᠢᠯᠡᠭᠦᠯᠦᠭᠰᠡᠨ ᠪᠠᠶᠢᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ 2023 ᠣᠨ ᠤ ᠪᠥᠬᠦ ᠤᠯᠤᠰ ᠤᠨ 《 119 》 | ᠭᠠᠯ ᠤᠨᠲᠠᠷᠠᠭᠠᠬᠤ ᠤᠬᠠᠭᠤᠯᠭ᠎ᠠ ᠶᠢᠨ ᠰᠠᠷ᠎ᠠ ᠶᠢᠨ ᠭᠤᠤᠯ ᠰᠡᠳᠦᠪ ᠤᠨ ᠲᠣᠭᠤᠷᠢᠨ ᠳᠤ᠂ ᠠᠭᠤᠯᠭ᠎ᠠ ᠪᠠᠷ ᠪᠠᠶᠠᠯᠢᠭ᠂ | ᠬᠠᠮᠤᠷᠬᠤ ᠬᠡᠪᠴᠢᠶ᠎ᠡ ᠪᠠᠷ ᠥᠷᠭᠡᠨ ᠰᠢᠷᠢᠰ ᠤᠬᠠᠭᠤᠯᠭ᠎ᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ | ᠨᠡᠶᠢᠭᠡᠮ ᠨᠡᠶᠢᠲᠡ ᠶᠢᠨ ᠭᠠᠯ ᠤᠨᠲᠠᠷᠠᠭᠠᠬᠤ ᠶᠢ ᠠᠩᠬᠠᠷᠬᠤ᠂ ᠭᠠᠯ ᠤᠨᠲᠠᠷᠠᠭᠠᠬᠤ ᠳᠤ ᠣᠷᠣᠯᠴᠠᠬᠤ ᠶᠢ ᠢᠳᠡᠪᠬᠢᠲᠡᠶ | ᠬᠥᠲᠥᠯᠦᠨ ᠵᠢᠯᠣᠭᠤᠳᠴᠤ᠂ ᠬᠠᠮᠢᠶ᠎ᠠ ᠪᠥᠬᠦᠶ ᠠᠵᠢᠯ ᠲᠥᠷᠥᠯ ᠤᠨ ᠰᠠᠯᠠᠭ᠎ᠠ ᠮᠥᠴᠢᠷ ᠤᠨ ᠭᠠᠯ ᠤᠨᠲᠠᠷᠠᠭᠠᠬᠤ | ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠪᠥᠬᠦ ᠬᠤᠰᠢᠭᠤᠨ | ᠤ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ ᠪᠥᠬᠦ | ᠬᠦᠴᠦᠨ ᠢᠶᠠᠷ ᠬᠠᠮᠠᠭᠠᠯᠠᠬᠤ ᠪᠤᠯᠤᠨ᠎ᠠ᠃ | ᠬᠤᠰᠢᠭᠤ ᠭᠠᠯ ᠰᠡᠷᠭᠡᠶᠢᠯᠡᠬᠦ ᠠᠵᠢᠯ ᠤᠨ ᠠᠯᠪᠠᠨ ᠬᠡᠷ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠪᠠᠭᠰᠢ | ᠰᠣᠷᠣᠭᠴᠢ ᠶᠢᠨ ᠲᠥᠯᠥᠭᠡᠯᠡᠭᠴᠢ᠂ ᠠᠵᠤ ᠠᠬᠤᠶᠢᠯᠠᠯ ᠠᠵᠢᠯ ᠦᠶᠯᠡᠰ ᠤᠨ ᠨᠢᠭᠡᠴᠡ ᠶᠢᠨ ᠠᠵᠢᠯᠲᠠᠨ ᠵᠢᠴᠢ ᠭᠠᠯ | ᠤᠨᠲᠠᠷᠠᠭᠠᠬᠤ ᠠᠵᠢᠯ ᠳᠤ ᠬᠤᠪᠢ ᠨᠡᠮᠡᠷᠢ ᠦᠵᠡᠭᠦᠯᠦᠭᠰᠡᠨ ᠰᠢᠯᠢᠳᠡᠭ ᠲᠥᠯᠥᠭᠡᠯᠡᠭᠴᠢ ᠲᠣᠰ ᠤᠳᠠᠭᠠᠨ ᠤ | ᠠᠵᠢᠯᠯᠠᠭ᠎ᠠ ᠳᠤ ᠣᠷᠣᠯᠴᠠᠪᠠ ᠃ | |