ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2023/11/20
      11 ᠰᠠᠷ᠎ᠠ ᠶᠢᠨ 6 ᠤ ᠡᠳᠦᠷ ᠠᠴᠠ 8 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠶᠢ ᠰᠤᠷᠤᠯᠴᠠᠨ ᠲᠤᠭᠤᠰᠢᠯᠠᠭᠤᠯᠬᠤ ᠭᠤᠣᠯ ᠰᠡᠳᠦᠪᠲᠦ ᠬᠥᠮᠦᠵᠢᠯ ᠤᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠡᠷᠭᠢᠯᠡᠵᠦ᠂ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷᠴᠤᠳ ᠢ ᠵᠣᠬᠢᠶᠠᠨ ᠪᠠᠶᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠬᠤᠶᠠᠷ ᠢ ᠤᠶᠠᠯᠳᠤᠭᠤᠯᠬᠤ︾ ᠬᠠᠮᠤᠭ ᠤᠨ ᠰᠢᠨ᠎ᠡ ᠣᠨᠣᠯ ᠤᠨ ᠦᠷ᠎ᠡ ᠪᠦᠲᠦᠭᠡᠯ ᠢ ᠰᠤᠷᠤᠯᠴᠠᠭᠤᠯᠪᠠ᠃ ᠪᠥᠬᠦ ᠬᠤᠰᠢᠭᠤᠨ ᠤ ᠭᠠᠵᠠᠷ ᠤᠨ ᠲᠠᠰ ᠤᠨ ᠤᠳᠤᠷᠢᠳᠬᠤ ᠺᠠᠳ᠋ᠷ ᠤᠷᠢᠳ ᠢᠶᠠᠷ ᠨᠢᠭᠡ ᠠᠯᠬᠤᠮ ᠰᠤᠷᠤᠯᠴᠠᠵᠤ᠂ ᠨᠢᠭᠡ ᠳᠠᠪᠬᠤᠷᠭ᠎ᠠ ᠳᠤ ᠭᠦᠨᠵᠡᠭᠡᠢ ᠰᠤᠷᠤᠯᠴᠠᠵᠤ᠂ ᠢᠯᠡᠭᠦᠦ ᠨᠢᠭᠡ ᠬᠤᠪᠢ ᠣᠶᠢᠯᠠᠭᠠᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠶᠢᠴᠢᠯᠠᠨ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠠ ᠥᠷᠭᠡᠨ ᠣᠯᠠᠨ ᠨᠠᠮ ᠤᠨ ᠭᠡᠰᠢᠭᠦᠨ ᠢ ᠳᠠᠶᠢᠴᠢᠯᠠᠨ ᠭᠦᠨᠵᠡᠭᠡᠢ ᠰᠤᠷᠤᠯᠴᠠᠵᠤ ᠨᠢᠮᠪᠠᠢ ᠤᠬᠠᠭᠠᠷᠠᠭᠤᠯᠵᠤ᠂ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠪᠠ᠃      ᠲᠣᠰ ᠬᠤᠭᠤᠴᠠᠭᠠᠨ ᠤ ᠨᠣᠮ ᠤᠩᠰᠢᠬᠤ ᠠᠩᠭᠢ ᠨᠢ ᠲᠤᠰᠬᠠᠢ ᠰᠡᠳᠦᠪᠲᠦ ᠲᠠᠶᠢᠯᠤᠮᠵᠢ ᠶᠢᠨ ᠸᠢᠳᠢᠤ᠋ ᠶᠢ ᠦᠵᠡᠬᠦ᠂ ᠲᠤᠬᠠᠢ ᠶᠢᠨ ᠲᠠᠯᠠᠪᠤᠷ ᠲᠤ ᠵᠢᠭᠠᠨ ᠰᠤᠷᠭᠠᠬᠤ᠂ ᠲᠥᠪᠯᠡᠷᠡᠭᠦᠯᠦᠨ ᠨᠣᠮ ᠤᠩᠰᠢᠬᠤ᠂ ᠲᠤᠰᠬᠠᠢ ᠰᠡᠳᠦᠪ  ᠢᠶᠠᠷ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠵᠠᠢ᠃ ᠡᠨᠡᠬᠦ ᠬᠤᠭᠤᠴᠠᠭᠠᠨ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠨᠠᠮ ᠤᠨ ᠰᠤᠷᠭᠠᠭᠤᠯᠢ ᠶᠢᠨ ᠸᠠᠩ ᠵᠢᠶᠧ ᠫᠷᠤᠹᠧᠰᠰᠤᠷ ᠤᠨ ︽ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠡᠭᠦᠷᠭᠡ ᠶᠢ ᠡᠭᠦᠷᠭᠡᠯᠡᠨ ᠳᠤᠮᠳᠠᠳᠤ ᠶᠢᠨ ᠦᠨᠳᠦᠰᠦᠲᠡᠨ ᠤ ᠤᠳᠤ ᠦᠶ᠎ᠡ ᠶᠢᠨ ᠪᠣᠯᠪᠠᠰᠤᠨ ᠢ ᠴᠢᠷᠮᠠᠶᠢᠨ ᠪᠠᠶᠢᠭᠤᠯᠤᠶ᠎ᠠ︱ ᠶᠡᠷᠦᠩᠬᠡᠢ ᠱᠦᠵᠢ ᠰᠢ ᠶᠢᠨ ᠫᠢᠩ ᠤᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠶ᠎ᠠ︾ ᠭᠡᠬᠦ ᠳᠤᠰᠬᠠᠢ ᠰᠡᠳᠦᠪᠲᠦ ᠲᠠᠶᠢᠯᠤᠮᠵᠢ ᠪᠣᠯᠣᠨ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠱᠧᠨ ᠰᠢᠶᠠᠩ ᠫᠢᠩ ᠫᠷᠤᠹᠧᠰᠰᠤᠷ ᠤᠨ ︽ᠲᠦᠷᠦ ᠶᠢ ᠵᠠᠰᠠᠵᠤ ᠵᠠᠰᠠᠭ ᠢ ᠡᠷᠬᠢᠯᠡᠬᠦ ᠬᠠᠷᠠᠭᠠᠨ ᠳᠠᠬᠢ ᠰᠣᠶᠣᠯ ᠤᠨ ᠢᠲᠡᠭᠡᠯ︾ ᠭᠡᠬᠦ ᠲᠤᠰᠬᠠᠢ ᠰᠡᠳᠦᠪᠲᠦ ᠲᠠᠶᠢᠯᠤᠮᠵᠢ ᠶᠢᠨ ᠸᠢᠳᠢᠤ᠋ ᠶᠢ ᠦᠵᠡᠨ ᠰᠤᠷᠤᠯᠴᠠᠵᠦ᠂ ︽ᠡᠵᠢᠨᠠᠭᠤᠷ ᠤᠨ ᠬᠥᠪᠡᠭᠡᠨ ᠳᠠᠬᠢ ᠬᠤᠪᠢᠰᠬᠠᠯᠲᠦ ᠳᠤᠷᠠᠰᠤᠮᠵᠢ︾ ᠦᠵᠡᠭᠦᠯᠦᠯᠭᠡ ᠶᠢᠨ ᠲᠢᠩᠬᠢᠮ ᠢ ᠬᠠᠮᠲᠦᠪᠡᠷ ᠲᠣᠭᠤᠷᠢᠨ ᠦᠵᠡᠵᠦ᠂ ︽ᠰᠢ ᠶᠢᠨ ᠫᠢᠩ ᠤᠨ ᠵᠣᠬᠢᠶᠠᠯ  ᠤᠨ ᠰᠣᠩᠭᠤᠮᠠᠯ ︵ᠨᠢᠭᠡᠳᠦᠭᠡᠷ ᠪᠣᠳᠢ︶︾᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ  ᠤᠨ ᠣᠨᠴᠠᠯᠢᠭ ᠲᠠᠢ ᠨᠡᠶᠢᠭᠡᠮ ᠵᠢᠷᠤᠮ  ᠤᠨ ᠦᠵᠡᠯ ᠰᠠᠨᠠᠭᠠᠨ  ᠤ ᠲᠤᠰᠬᠠᠢ ᠰᠡᠳᠦᠪ ᠤᠨ ᠲᠡᠭᠦᠪᠦᠷᠢ︾᠂ ︽ᠥᠪᠥᠷ ᠮᠣᠩᠭᠤᠯ  ᠤᠨ ᠠᠵᠢᠯ  ᠤᠨ ᠲᠤᠬᠠᠢ ᠰᠢ ᠶᠢᠨ ᠫᠢᠩ ᠤᠨ ᠥᠭᠦᠯᠡᠯᠲᠡ ᠶᠢᠨ ᠲᠡᠭᠦᠪᠦᠷᠢ︾ ᠂ ︽ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠶᠢᠷᠲᠢᠨᠴᠦ ᠶᠢᠨ ᠦᠵᠡᠯᠲᠡ ᠪᠠ ᠠᠷᠭ᠎ᠠ ᠶᠢᠨ ᠤᠨᠤᠯ ᠤᠨ ᠲᠤᠰᠬᠠᠢ ᠰᠡᠳᠦᠪ ᠤᠨ ᠲᠡᠭᠦᠪᠦᠷᠢ︾ ᠵᠡᠷᠭᠡ ᠰᠤᠷᠤᠯᠴᠠᠬᠤ ᠮᠠᠲ᠋ᠧᠷᠢᠶᠠᠯ ᠢ ᠭᠤᠣᠯᠳᠠᠯᠭ᠎ᠠ ᠲᠠᠢ ᠰᠤᠳᠤᠯᠤᠨ ᠤᠩᠰᠢᠪᠠ᠃        ᠬᠤᠰᠢᠭᠤ ᠨᠠᠮ ᠤᠨ ᠬᠤᠷᠢᠶᠠᠨ ᠤ ᠱᠦᠵᠢ᠂ ᠬᠤᠰᠢᠭᠤ ᠨᠠᠮ ᠤᠨ ᠬᠤᠷᠢᠶᠠᠨ ᠤ ᠭᠤᠣᠯ ᠰᠡᠳᠦᠪᠲᠦ ᠬᠥᠮᠦᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠬᠢᠩᠭᠠᠨ ᠬᠤᠶᠠᠳᠤᠭᠠᠷ ᠬᠤᠭᠤᠴᠠᠭᠠᠨ ᠤ ᠨᠣᠮ ᠤᠩᠰᠢᠬᠤ ᠠᠩᠭᠢ ᠶᠢᠨ ᠰᠤᠳᠤᠯᠤᠨ ᠶᠠᠷᠢᠯᠴᠠᠵᠤ ᠰᠣᠯᠢᠯᠴᠠᠬᠤ ᠬᠤᠷᠠᠯ ᠢ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ ᠵᠡᠷᠭᠡ ᠨᠥᠬᠦᠳ ︽ᠰᠢ ᠶᠢᠨ ᠫᠢᠩ ᠶᠡᠷᠦᠩᠬᠡᠢ ᠱᠦᠵᠢ ᠶᠢᠨ ᠰᠣᠶᠣᠯ ᠢ ᠤᠯᠠᠮᠵᠢᠯᠠᠨ ᠬᠥᠭᠵᠢᠭᠦᠯᠬᠦ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠶᠢ ᠰᠤᠷᠤᠯᠴᠠᠨ ᠲᠤᠭᠤᠰᠢᠯᠠᠭᠤᠯᠬᠤ ᠶᠢᠨ ᠬᠠᠮᠲᠤ ᠰᠤᠳᠤᠯᠤᠨ ᠶᠠᠷᠢᠯᠴᠠᠵᠤ ᠰᠣᠯᠢᠯᠴᠠᠭ᠎ᠠ ᠥᠷᠨᠢᠭᠦᠯᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠰᠢᠰᠲ᠋ᠧᠮ ᠲᠠᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠪᠣᠯ ᠪᠦᠬᠦ ᠲᠠᠯ᠎ᠠ ᠳᠤ ᠬᠤᠯᠪᠣᠭᠳᠠᠬᠤ᠂ ᠠᠯᠤᠰ ᠬᠡᠳᠦ ᠳᠤ ᠬᠤᠯᠪᠣᠭᠳᠠᠬᠤ ᠶᠡᠭᠡ ᠶᠠᠪᠤᠳᠠᠯ ᠪᠣᠯᠣᠨ᠎ᠠ᠃ ᠨᠢᠭᠡ ᠳᠤ᠂ ᠤᠨᠤᠯ ᠤᠨ ᠰᠤᠷᠤᠯᠴᠠᠯᠭ᠎ᠠ ᠶᠢ ᠪᠣᠳᠠᠲᠠᠢ ᠪᠠᠷ ᠠᠳᠬᠤᠵᠤ᠂ ᠦᠵᠡᠯ ᠰᠠᠨᠠᠭᠠᠨ ᠤ ᠰᠠᠭᠤᠷᠢ ᠶᠢ ᠪᠠᠲᠤ ᠲᠠᠯᠪᠢᠬᠤ ᠬᠡᠷᠡᠭᠲᠡᠢ᠃ ᠭᠠᠵᠠᠷ ᠤᠨ ᠲᠡᠰ ᠤᠨ ᠤᠳᠤᠷᠢᠳᠬᠤ ᠺᠠᠳ᠋ᠷᠴᠤᠳ ᠰᠤᠷᠤᠯᠴᠠᠯᠭ᠎ᠠ ᠶᠢ ᠴᠢᠳᠠᠪᠤᠷᠢ ᠪᠠᠨ ᠳᠡᠭᠡᠭᠰᠢᠯᠡᠭᠦᠯᠬᠦ᠂ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ᠂ ᠠᠵᠢᠯ ᠢᠶᠠᠨ ᠲᠦᠯᠬᠢᠨ ᠠᠬᠢᠭᠤᠯᠬᠤ ᠶᠢᠨ ᠳᠣᠲᠣᠭᠠᠳᠤ ᠬᠡᠷᠡᠭᠴᠡᠭᠡ ᠪᠠᠨ ᠪᠣᠯᠭᠠᠵᠤ᠂ ᠦᠨᠡᠨ ᠬᠦ ᠰᠡᠳᠬᠢᠯ ᠰᠠᠨᠠᠭ᠎ᠠ ᠪᠠᠨ ᠲᠣᠭᠲᠠᠭᠤᠨ ᠪᠠᠶᠢᠯᠭᠠᠨ ᠰᠤᠷᠤᠯᠴᠠᠨ ᠰᠡᠳᠬᠢᠵᠦ᠂ ᠦᠨᠡᠨ ᠬᠦ ᠰᠤᠷᠤᠯᠴᠠᠵᠤ ᠦᠨᠡᠨ ᠬᠦ ᠣᠶᠢᠯᠠᠭᠠᠬᠤ ᠶᠢ ᠪᠡᠶᠡᠯᠡᠭᠦᠯᠬᠦ ᠬᠡᠷᠡᠭᠲᠡᠢ᠃ ᠤᠨᠤᠯ ᠤᠨ ᠰᠤᠷᠤᠯᠴᠠᠯᠭ᠎ᠠ ᠶᠢ ᠴᠢᠩᠭᠠᠳᠬᠠᠬᠤ ᠪᠠᠷ ᠬᠥᠭᠵᠢᠯᠲᠡ ᠶᠢᠨ ᠦᠢᠯᠡᠳᠦᠯᠭᠡ ᠶᠢ ᠵᠢᠯᠣᠭᠤᠳᠤᠭᠤᠯᠬᠤ ᠶᠢ ᠢᠮᠠᠭᠲᠠ ᠪᠠᠷᠢᠮᠲᠠᠯᠠᠵᠤ᠂ ᠤᠨᠤᠯ ᠤᠨ ᠰᠤᠷᠤᠯᠴᠠᠯᠭ᠎ᠠ ᠶᠢ ᠢᠮᠠᠭᠲᠠ  ᠲᠤᠭᠤᠰᠢᠯᠠᠭᠤᠯᠵᠤ᠂ ᠤᠨᠤᠯ ᠤᠨ ᠰᠤᠷᠤᠯᠴᠠᠯᠭ᠎ᠠ ᠶᠢ ᠦᠨᠡᠨ ᠬᠦ ᠣᠯᠣᠯᠲᠠ ᠲᠠᠢ ᠪᠣᠯᠭᠠᠬᠤ ᠬᠡᠷᠡᠭᠲᠡᠢ᠃ ᠠᠵᠢᠯᠯᠠᠵᠤ ᠰᠤᠷᠤᠯᠴᠠᠬᠤ ᠶᠢ ᠤᠶᠠᠯᠳᠤᠭᠤᠯᠬᠤ ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠬᠤ ᠶᠢ ᠪᠠᠷᠢᠮᠲᠠᠯᠠᠵᠤ᠂ ᠡᠯ᠎ᠡ ᠵᠦᠢᠯ ᠤᠨ ᠰᠤᠷᠤᠯᠴᠠᠯᠭ᠎ᠠ ᠶᠢᠨ ᠡᠭᠦᠷᠭᠡ  ᠶᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠰᠤᠷᠤᠯᠴᠠᠯᠭ᠎ᠠ ᠶᠢᠨ ᠣᠯᠣᠯᠲᠠ ᠪᠠᠨ ᠠᠵᠢᠯ ᠤᠨ ᠪᠣᠳᠠᠲᠤ ᠦᠷ᠎ᠡ ᠪᠦᠲᠦᠮᠵᠢ ᠳᠡᠭᠡᠷ᠎ᠡ ᠪᠠᠨ ᠢᠯᠡᠷᠡᠭᠦᠯᠬᠦ ᠬᠡᠷᠡᠭᠲᠡᠢ᠃ ᠬᠤᠶᠠᠷ ᠲᠤ᠂ ᠤᠨᠤᠯ ᠢ ᠪᠣᠳᠠᠲᠠᠢ ᠲᠠᠢ ᠤᠶᠠᠯᠳᠤᠭᠤᠯᠬᠤ ᠶᠢ ᠪᠠᠷᠢᠮᠲᠠᠯᠠᠵᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠬᠡᠷᠡᠭᠲᠡᠢ᠃ ᠣᠨᠣᠯ ᠢ ᠪᠣᠳᠠᠲᠠᠢ ᠲᠠᠢ ᠤᠶᠠᠯᠳᠤᠭᠤᠯᠬᠤ ᠰᠢᠯᠢᠳᠡᠭ ᠰᠤᠷᠲᠠᠯ ᠢ ᠪᠠᠳᠠᠷᠠᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠡᠯ᠎ᠡ ᠵᠦᠢᠯ ᠤᠨ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠬᠦ ᠳᠡᠭᠡᠨ ᠴᠢᠳᠠᠮᠠᠭᠠᠢ ᠪᠠᠶᠢᠵᠤ᠂ ᠳᠠᠪᠠᠭᠤᠯᠢᠭ ᠢᠶᠠᠨ ᠪᠠᠳᠠᠷᠠᠭᠤᠯᠬᠤ᠂ ᠵᠥᠷᠢᠶ᠎ᠡ ᠪᠠᠨ ᠡᠷᠢᠬᠦ᠂ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠬᠤ ᠬᠡᠷᠡᠭᠲᠡᠢ᠃ ᠪᠦᠬᠦ ᠲᠠᠯ᠎ᠠ ᠶᠢᠨ ᠰᠤᠷᠤᠯᠴᠠᠯᠭ᠎ᠠ ᠪᠠ ᠭᠤᠣᠯᠳᠠᠯᠭ᠎ᠠ ᠲᠠᠢ ᠰᠤᠷᠤᠯᠴᠠᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠶᠠᠭᠤ ᠬᠢᠪᠡᠯ ᠶᠠᠭᠤ ᠶᠢ ᠨᠢ ᠭᠤᠣᠯᠳᠠᠯᠭ᠎ᠠ ᠲᠠᠢ ᠰᠤᠷᠤᠯᠴᠠᠵᠤ᠂ ᠶᠠᠭᠤ ᠳᠤᠲᠠᠭᠳᠠᠪᠠᠯ ᠶᠠᠭᠤ ᠶᠢ ᠨᠢ ᠭᠤᠣᠯᠳᠠᠯᠭ᠎ᠠ ᠲᠠᠢ ᠨᠥᠬᠦᠪᠦᠷᠢᠯᠡᠬᠦ ᠬᠡᠷᠡᠭᠲᠡᠢ᠃ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢ ᠬᠤᠪᠢᠷᠠᠭᠤᠯᠬᠤ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠵᠦ ᠂ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠪᠠᠶᠢᠳᠠᠯ ᠢ ᠦᠨᠡᠨ ᠬᠦ ᠲᠣᠳᠣᠷᠬᠠᠢ ᠣᠶᠢᠯᠠᠭᠠᠵᠤ᠂ ᠠᠰᠠᠭᠤᠳᠠᠯ ᠢ ᠣᠨᠣᠪᠴᠢᠲᠠᠶ ᠡᠷᠢᠨ ᠣᠯᠵᠤ᠂ ᠠᠷᠭ᠎ᠠ ᠪᠣᠳᠣᠯᠭ᠎ᠠ ᠶᠢ ᠪᠣᠳᠠᠲᠠᠢ ᠪᠠᠷ ᠳᠤᠷᠠᠳᠴᠤ᠂ ᠴᠢᠨᠠᠷ ᠰᠠᠶᠢᠲᠠᠢ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠢᠶᠠᠷ ᠡᠯ᠎ᠡ ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠢ᠃ ᠭᠤᠷᠪᠠ ᠳᠤ᠂ ᠪᠠᠶᠢᠴᠠᠭᠠᠨ ᠦᠵᠡᠵᠦ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠵᠤ᠂ ᠠᠰᠠᠭᠤᠳᠠᠯ ᠢ ᠰᠢᠢᠳᠪᠦᠷᠢᠯᠡᠬᠦ ᠶᠢ ᠰᠠᠶᠢᠲᠤᠷ ᠠᠳᠬᠤᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠪᠣᠯᠣᠨ ᠪᠠᠶᠢᠴᠠᠭᠠᠨ ᠰᠤᠳᠤᠯᠤᠯᠲᠠ᠂ ᠠᠰᠠᠭᠤᠳᠠᠯ ᠢ ᠪᠠᠶᠢᠴᠠᠭᠠᠨ ᠦᠵᠡᠬᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ  ᠲᠤᠭᠤᠰᠢᠯᠠᠭᠤᠯᠵᠤ᠂ ᠰᠤᠷᠤᠯᠴᠠᠬᠤ ᠶᠢᠨ ᠳᠠᠭᠠᠤ ᠬᠠᠷᠢᠴᠠᠭᠤᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠵᠤ᠂ ᠥᠪᠡᠷ ᠤᠨ ᠪᠡᠶ᠎ᠡ ᠪᠠᠷ ᠢᠶᠠᠨ ᠤᠷᠤᠯᠴᠠᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠠᠵᠢᠯ ᠢᠶᠠᠨ ᠭᠦᠨᠵᠡᠭᠡᠢ ᠪᠠᠶᠢᠴᠠᠭᠠᠨ ᠦᠵᠡᠵᠦ᠂ ᠭᠦᠨᠵᠡᠭᠡᠢ ᠵᠠᠳᠠᠯᠤᠨ ᠰᠢᠨᠵᠢᠯᠡᠵᠦ᠂ ᠢᠯᠡᠷᠡᠭᠦᠯᠦᠭᠰᠡᠨ ᠠᠰᠠᠭᠤᠳᠠᠯ ᠢ ᠦᠨᠡᠨᠬᠦ ᠥᠭᠡᠷᠡᠴᠢᠯᠡᠨ ᠪᠣᠳᠠᠲᠠᠢ ᠥᠭᠡᠷᠡᠴᠢᠯᠡᠬᠦ ᠶᠢ ᠪᠠᠷᠢᠮᠲᠠᠯᠠᠵᠤ᠂ ᠡᠬᠡ ᠲᠠᠩᠰᠠ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠶᠢ ᠴᠡᠭᠴᠡᠯᠡᠨ ᠰᠠᠶᠢᠵᠢᠷᠠᠭᠤᠯᠵᠤ᠂ ᠨᠢᠭᠡ ᠶᠢ ᠬᠠᠰᠤᠵᠤ᠂ ᠶᠠᠪᠤᠳᠠᠯ ᠪᠦᠬᠦᠨ ᠢ ᠨᠠᠶᠢᠳᠠᠪᠤᠷᠢᠵᠢᠭᠤᠯᠬᠤ᠂ ᠶᠠᠪᠤᠳᠠᠯ ᠪᠦᠬᠦᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠳᠤᠲᠠᠭᠤ ᠶᠢ ᠪᠠᠶᠢᠴᠠᠭᠠᠵᠤ ᠳᠤᠲᠠᠭᠤ ᠶᠢ ᠨᠥᠬᠦᠪᠦᠷᠢᠯᠡᠬᠦ ᠶᠢ ᠬᠢᠨᠠᠮᠠᠭᠠᠢ ᠰᠠᠶᠢᠲᠤᠷ ᠬᠢᠵᠦ᠂ ᠲᠠᠷᠠᠭᠠᠴᠢ ᠶᠢᠨ ᠨᠠᠷᠢᠨ ᠲᠠᠩᠰᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠂ ᠠᠵᠢᠯ ᠤᠨ ᠡᠭᠦᠷᠭᠡ ᠱᠠᠭᠠᠷᠳᠠᠯᠭ᠎ᠠ ᠶᠢ ᠴᠢᠩᠭ᠎ᠠ ᠳᠠᠭᠠᠵᠤ᠂ ᠱᠠᠯᠠᠪᠳᠠᠨ ᠠᠬᠢᠭᠤᠯᠵᠤ᠂ ᠲᠥᠯᠥᠪᠯᠡᠭᠡ ᠱᠠᠭᠠᠷᠳᠠᠯᠭ᠎ᠠ ᠶᠣᠰᠣᠭᠠᠷ ᠭᠤᠣᠯ ᠰᠡᠳᠦᠪᠲᠦ ᠬᠥᠮᠦᠵᠢᠯ ᠤᠨ ᠡᠯ᠎ᠡ ᠵᠦᠢᠯ ᠤᠨ ᠠᠵᠢᠯ ᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号