ᠦᠰᠦᠭ ᠪᠢᠴᠢᠭ ᠤᠨ ᠲᠠᠶᠢᠯᠤᠮᠵᠢ᠄ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠤᠨ ᠲᠠᠶᠢᠯᠤᠮᠵᠢ
ᠨᠡᠶᠢᠲᠡᠯᠡᠭᠰᠡᠨ ᠴᠠᠭ᠄
2023/11/21
      ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠵᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠥᠯᠥᠭᠡ᠂ 2021 ᠣᠨ ᠤ 7 ᠰᠠᠷ᠎ᠠ ᠶᠢᠨ 29᠎ ᠤ ᠡᠳᠦᠷ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠣᠯᠣᠳᠤᠭᠠᠷ ᠬᠤᠷᠠᠯᠳᠤᠭᠠᠨ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶᠎ ᠢ ᠪᠠᠲᠤᠯᠠᠵᠤ᠂ 2021 ᠣᠨ ᠤ 10 ᠰᠠᠷ᠎ᠠ ᠶᠢᠨ 1᠎ ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃      ᠨᠢᠭᠡ᠂ ︽ᠳᠦᠷᠢᠮ︾᠎ ᠢ ᠲᠣᠭᠲᠠᠭᠠᠭᠰᠠᠨ ᠠᠬᠤᠢ ᠪᠠᠶᠢᠳᠠᠯ      ᠨᠤᠲᠤᠭ ᠪᠡᠯᠴᠢᠭᠡᠷ ᠪᠣᠯ ᠮᠠᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠠᠮᠤᠭ ᠤᠨ ᠶᠡᠭᠡ ᠡᠬᠡ ᠬᠠᠭᠤᠷᠠᠢ ᠶᠢᠨ ᠠᠮᠢ ᠠᠬᠤᠢ ᠶᠢᠨ ᠰᠢᠰᠲ᠋ᠧᠮ ᠪᠠ ᠪᠠᠶᠢᠭᠠᠯᠢ ᠶᠢᠨ ᠡᠬᠢ ᠪᠠᠶᠠᠯᠢᠭ ᠮᠥᠨ᠂ ᠮᠥᠨ ᠴᠦ ᠮᠠᠯ ᠠᠵᠤ ᠠᠬᠤᠢ ᠶᠢᠨ ᠬᠥᠭᠵᠢᠯᠲᠡ ᠶᠢᠨ ᠴᠢᠬᠤᠯᠠ ᠪᠣᠳᠠᠰ ᠤᠨ ᠰᠠᠭᠤᠷᠢ᠂ ᠮᠠᠯᠴᠢᠳ ᠤᠨ ᠣᠷᠣᠰᠢᠨ ᠲᠣᠭᠲᠠᠨᠢᠬᠤ ᠦᠨᠳᠦᠰᠦᠨ ᠦᠢᠯᠡᠳᠪᠦᠷᠢᠯᠡᠯ ᠤᠨ ᠬᠡᠷᠡᠭᠰᠡᠯ ᠮᠥᠨ᠃ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠨᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠵᠢᠭᠠᠵᠤ ᠭᠠᠷᠭᠠᠭᠰᠠᠨ ᠨᠢ᠂ ᠨᠤᠲᠤᠭ ᠪᠡᠯᠴᠢᠭᠡᠷ᠂ ᠣᠶ ᠰᠢᠭᠤᠢ ᠶᠢ ᠬᠠᠮᠠᠭᠠᠯᠠᠬᠤ ᠪᠣᠯ ᠥᠪᠥᠷ ᠮᠣᠩᠭᠤᠯ ᠤᠨ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠲᠡᠷᠢᠭᠦᠨ ᠴᠢᠬᠤᠯᠠ ᠡᠭᠦᠷᠭᠡ ᠮᠥᠨ︔ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠶᠢᠨ ᠰᠢᠰᠲ᠋ᠧᠮ ᠤᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢᠨ ᠡᠷᠴᠢᠮ ᠢ ᠴᠢᠩᠭᠠᠷᠠᠭᠤᠯᠵᠤ᠂ ᠠᠮᠢ ᠠᠬᠤᠢ ᠶᠢᠨ ᠰᠢᠰᠲ᠋ᠧᠮ ᠤᠨ ᠲᠣᠭᠲᠠᠪᠤᠷᠢᠲᠤ ᠴᠢᠨᠠᠷ ᠪᠣᠯᠣᠨ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃      ᠣᠶᠢᠷ᠎ᠠ ᠶᠢᠨ ᠵᠢᠯ ᠤᠳ ᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤᠷᠢᠳ ᠬᠤᠵᠢᠳ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠯᠴᠢᠭᠡᠷᠯᠡᠭᠦᠯᠬᠦ ᠶᠢ ᠵᠤᠭᠰᠤᠭᠠᠨ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠬᠢᠨᠠᠨ ᠬᠠᠮᠢᠶᠠᠷᠬᠤ ᠠᠷᠭ᠎ᠠ︾ ᠵᠡᠷᠭᠡ ᠠᠯᠢ ᠣᠯᠠᠨ ᠲᠣᠭᠲᠠᠭᠠᠯ ᠢ ᠨᠡᠶᠢᠲᠡᠯᠡᠵᠦ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ ᠢ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯ ᠳᠤ ᠢᠳᠡᠪᠬᠢᠲᠡᠢ ᠦᠷ᠎ᠡ ᠪᠦᠲᠦᠮᠵᠢ ᠣᠯᠣᠭᠰᠠᠨ ᠪᠠᠶᠢᠨ᠎ᠠ᠃ ᠭᠡᠪᠡᠴᠦ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢ ᠳᠠᠭᠠᠯᠳᠤᠨ᠂ ᠨᠤᠲᠤᠭ ᠪᠡᠯᠴᠢᠭᠡᠷ ᠤᠨ ᠪᠡᠯᠴᠢᠭᠡᠷ ᠤᠨ ᠳᠠᠭᠠᠭᠠᠴᠠ ᠶᠢᠨ ᠲᠤᠭ᠎ᠠ ᠬᠡᠮᠵᠢᠶ᠎ᠡ ᠲᠠᠰᠤᠷᠠᠯᠲᠠ ᠦᠭᠡᠢ ᠨᠡᠮᠡᠭᠳᠡᠵᠦ᠂ ᠪᠠᠶᠢᠭᠠᠯᠢ ᠶᠢᠨ ᠨᠤᠲᠤᠭ ᠪᠡᠯᠴᠢᠭᠡᠷ ᠤᠨ ᠳᠠᠭᠠᠭᠠᠴᠠ ᠦᠷᠭᠦᠯᠵᠢᠯᠡᠨ ᠨᠡᠮᠡᠭᠳᠡᠵᠦ᠂ ᠳᠠᠭᠠᠭᠠᠴᠠ ᠠᠴᠠ ᠬᠡᠲᠦᠷᠡᠭᠦᠯᠦᠨ ᠪᠡᠯᠴᠢᠭᠡᠷᠯᠡᠭᠦᠯᠵᠦ ᠨᠤᠲᠤᠭ ᠪᠡᠯᠴᠢᠭᠡᠷ ᠢ ᠵᠦᠢ ᠵᠣᠬᠢᠰᠲᠠᠢ ᠠᠰᠢᠭᠯᠠᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠭᠡᠳᠦᠢ ᠪᠠᠶᠢᠵᠤ᠂ ᠬᠠᠤᠯᠢ ᠪᠠᠷ ᠵᠠᠰᠠᠬᠤ ᠠᠷᠭ᠎ᠠ ᠪᠠᠷᠢᠯ ᠢᠶᠠᠷ ᠨᠤᠲᠤᠭ ᠪᠡᠯᠴᠢᠭᠡᠷ ᠤᠨ ᠡᠬᠢ ᠪᠠᠶᠠᠯᠢᠭ ᠤᠨ ᠥᠨᠢᠳᠡ ᠶᠢᠨ ᠬᠥᠭᠵᠢᠯᠲᠡ ᠶᠢ ᠲᠦᠯᠬᠢᠨ ᠠᠬᠢᠭᠤᠯᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ᠃      ᠬᠤᠶᠠᠷ᠂ ︽ᠳᠦᠷᠢᠮ︾᠎ ᠢ ᠲᠣᠭᠲᠠᠭᠠᠭᠰᠠᠨ ᠭᠤᠣᠯ ᠦᠨᠳᠦᠰᠦᠯᠡᠯ      ︽ᠳᠦᠷᠢᠮ︾᠎ ᠨᠢ ᠭᠤᠣᠯᠳᠠᠭᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ᠪᠣᠯᠣᠨ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢᠶᠠᠷ ᠦᠨᠳᠦᠰᠦᠯᠡᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠎ᠠ᠃      ᠭᠤᠷᠪᠠ᠂ ︽ᠳᠦᠷᠢᠮ︾᠎ ᠳᠤ ᠪᠠᠷᠢᠮᠲᠠᠯᠠᠬᠤ ᠭᠤᠣᠯ ᠵᠠᠷᠴᠢᠮ      ᠨᠢᠭᠡ ᠳᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ︔ ᠬᠤᠶᠠᠷ ᠲᠤ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠪᠠᠷ ᠬᠠᠷᠠᠯᠲᠠ ᠪᠣᠯᠭᠠᠵᠤ᠂ ᠠᠶᠠᠨᠳᠠᠭᠠᠨ ᠰᠡᠷᠭᠦᠬᠦ ᠪᠠᠷ ᠭᠤᠣᠯ ᠪᠣᠯᠭᠠᠬᠤ ᠴᠢᠭᠯᠡᠯᠲᠡ ᠶᠢ ᠪᠠᠷᠢᠮᠲᠠᠯᠠᠨ᠎ᠠ︔ ᠭᠤᠷᠪᠠ ᠳᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠬᠤ᠂ ᠲᠥᠷᠥᠯ ᠬᠤᠪᠢᠶᠠᠨ ᠵᠢᠯᠤᠭᠤᠳᠬᠤ᠂ ᠪᠡᠯᠴᠢᠭᠡᠷ ᠢᠶᠠᠷ ᠮᠠᠯ ᠤᠨ ᠲᠤᠭ᠎ᠠ ᠶᠢ ᠲᠣᠭᠲᠠᠭᠠᠬᠤ᠂ ᠬᠥᠳᠡᠯᠦᠩᠭᠦᠢ ᠲᠡᠩᠴᠡᠭᠦᠷᠢ ᠲᠠᠢ ᠪᠠᠶᠢᠯᠭᠠᠬᠤ᠂ ᠡᠷᠬᠡ ᠬᠠᠷᠢᠭᠤᠴᠠᠯᠭ᠎ᠠ ᠲᠣᠳᠣᠷᠬᠠᠢ ᠪᠠᠶᠢᠯᠭᠠᠬᠤ᠂ ᠱᠠᠩᠨᠠᠬᠤ ᠵᠠᠯᠬᠠᠭᠠᠬᠤ ᠶᠢ ᠵᠡᠷᠭᠡᠪᠡᠷ ᠴᠢᠬᠤᠯᠠᠴᠢᠯᠠᠬᠤ ᠵᠠᠷᠴᠢᠮ ᠢ ᠪᠠᠷᠢᠮᠲᠠᠯᠠᠨ᠎ᠠ᠃      ᠳᠥᠷᠪᠡ᠂ ︽ᠳᠦᠷᠢᠮ︾᠎ ᠢ ᠬᠡᠷᠡᠭᠯᠡᠬᠦ ᠬᠡᠪᠴᠢᠶ᠎ᠡ      ︽ᠳᠦᠷᠢᠮ︾᠎ ᠤᠨ ᠬᠤᠶᠠᠳᠤᠭᠠᠷ ᠵᠦᠢᠯ ᠳᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠪᠠᠶᠢᠭᠠᠯᠢ ᠶᠢᠨ ᠨᠤᠲᠤᠭ ᠪᠡᠯᠴᠢᠭᠡᠷ ᠢ ᠠᠰᠢᠭᠯᠠᠨ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠡᠷᠭᠢᠯᠡᠵᠦ᠂ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠠᠵᠢᠯ ᠢ ᠥᠷᠨᠢᠭᠦᠯᠬᠦ ᠳᠤ ᠲᠣᠰ ᠳᠦᠷᠢᠮ ᠢ ᠵᠢᠷᠤᠮᠯᠠᠬᠤ ᠬᠡᠷᠡᠭᠲᠡᠢ ᠭᠡᠵᠦ ᠲᠣᠭᠲᠠᠭᠠᠵᠠᠢ᠃ ᠥᠭᠡᠷ᠎ᠡ ᠪᠠᠷ ᠬᠡᠯᠡᠪᠡᠯ᠂ ᠬᠠᠰᠢᠶᠠᠯᠠᠨ ᠲᠡᠵᠢᠭᠡᠵᠦ ᠦᠷᠡᠵᠢᠭᠦᠯᠬᠦ ᠵᠡᠷᠭᠡ ᠪᠠᠶᠢᠭᠠᠯᠢ ᠶᠢᠨ ᠨᠤᠲᠤᠭ ᠪᠡᠯᠴᠢᠭᠡᠷ ᠢ ᠠᠰᠢᠭᠯᠠᠨ ᠪᠡᠯᠴᠢᠭᠡᠷᠯᠡᠭᠦᠯᠬᠦ ᠦᠭᠡᠢ ᠮᠠᠯ ᠠᠵᠤ ᠠᠬᠤᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠠᠵᠢᠯᠯᠠᠭ᠎ᠠ ᠨᠢ ᠲᠣᠰ ᠳᠦᠷᠢᠮ ᠳᠤ ᠬᠢᠵᠠᠭᠠᠷᠯᠠᠭᠳᠠᠬᠤ ᠦᠭᠡᠢ᠃      ᠲᠠᠪᠤ᠂ ︽ᠳᠦᠷᠢᠮ︾᠎ ᠤᠨ ᠭᠤᠣᠯ ᠠᠭᠤᠯᠭ᠎ᠠ      ︽ᠳᠦᠷᠢᠮ︾᠎ ᠳᠤ ᠨᠡᠶᠢᠲᠡ ᠭᠤᠴᠢᠨ ᠨᠠᠢᠮᠠᠨ ᠵᠦᠢᠯ ᠲᠠᠢ᠂ ᠭᠤᠣᠯᠳᠠᠭᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠠᠵᠢᠯ ᠤᠨ ᠵᠠᠷᠴᠢᠮ᠂ ᠨᠥᠬᠦᠪᠦᠷᠢᠯᠡᠬᠦ ᠲᠣᠭᠲᠠᠴᠠ᠂ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠪᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠲᠠᠷᠬᠠᠭᠠᠬᠤ ᠵᠢᠴᠢ ᠬᠠᠮᠢᠶ᠎ᠠ ᠪᠦᠬᠦᠢ ᠬᠠᠤᠯᠢ ᠶᠢᠨ ᠬᠠᠷᠢᠭᠤᠴᠠᠯᠭ᠎ᠠ ᠵᠡᠷᠭᠡ ᠲᠠᠯ᠎ᠠ ᠶᠢᠨ ᠠᠭᠤᠯᠭ᠎ᠠ ᠶᠢ ᠲᠣᠭᠲᠠᠭᠠᠵᠠᠢ᠂ ᠡᠭᠦᠨ ᠳᠤ ᠭᠤᠣᠯᠳᠠᠭᠤ᠄ ⒈ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠠᠵᠢᠯ ᠤᠨ ᠤᠳᠤᠷᠢᠳᠤᠮᠵᠢ᠂ ᠬᠠᠷᠠᠯᠲᠠ᠂ ᠴᠢᠭᠯᠡᠯᠲᠡ ᠪᠠ ᠵᠠᠷᠴᠢᠮ ᠤᠨ ᠲᠤᠬᠠᠢ ᠲᠣᠭᠲᠠᠭᠠᠯ︔⒉ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠤᠯᠠᠨ ᠡᠰᠢᠵᠢᠭᠦᠯᠦᠭᠰᠡᠨ ᠨᠥᠬᠦᠪᠦᠷᠢ ᠥᠭᠬᠦ ᠲᠣᠭᠲᠠᠴᠠ ᠶᠢ ᠪᠠᠶᠢᠭᠤᠯᠬᠤ ᠲᠤᠬᠠᠢ ᠲᠣᠭᠲᠠᠭᠠᠯ︔⒊ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ᠂ ᠪᠡᠯᠴᠢᠭᠡᠷ ᠰᠡᠷᠭᠦᠭᠡᠬᠦ ᠣᠷᠣᠨ ᠢ ᠵᠠᠭᠠᠭᠯᠠᠨ ᠲᠣᠭᠲᠠᠭᠠᠬᠤ ᠲᠤᠬᠠᠢ︔⒋ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠶᠢ ᠬᠢᠨᠠᠨ ᠬᠠᠮᠢᠶᠠᠷᠬᠤ ᠬᠠᠷᠢᠭᠤᠴᠠᠯᠭ᠎ᠠ ᠶᠢᠨ ᠲᠣᠭᠲᠠᠴᠠ ᠶᠢ ᠪᠠᠶᠢᠭᠤᠯᠤᠨ ᠨᠠᠶᠢᠳᠠᠪᠤᠷᠢᠵᠢᠭᠤᠯᠬᠤ ᠲᠤᠬᠠᠢ ᠲᠣᠭᠲᠠᠭᠠᠯ︔⒌ᠤᠢ ᠰᠢᠭᠤᠢ ︵ᠡᠪᠡᠰᠦ︶᠎ ᠶᠢᠨ ᠤᠷᠳᠤ ᠶᠢᠨ ᠳᠦᠷᠢᠮ ᠢ ᠨᠠᠶᠢᠳᠠᠪᠤᠷᠢᠵᠢᠭᠤᠯᠬᠤ ᠲᠤᠬᠠᠢ ᠲᠣᠭᠲᠠᠭᠠᠯ︔⒍ᠪᠡᠯᠴᠢᠭᠡᠷ ᠤᠨ ᠳᠠᠭᠠᠭᠠᠴᠠ ᠶᠢᠨ ᠲᠣᠬᠢᠷᠠᠮᠵᠢᠲᠠᠢ ᠬᠡᠮᠵᠢᠶ᠎ᠡ ᠶᠢ ᠬᠢᠨᠠᠨ ᠲᠣᠭᠲᠠᠭᠠᠬᠤ ᠲᠤᠬᠠᠢ ᠲᠣᠭᠲᠠᠭᠠᠯ︔⒎ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠱᠠᠩᠨᠠᠯ ᠤᠨ ᠪᠡᠯᠡ ᠮᠥᠩᠭᠦ ᠶᠢ ᠣᠯᠭᠤᠬᠤ ᠲᠤᠬᠠᠢ ᠲᠣᠭᠲᠠᠭᠠᠯ︔⒏ᠬᠠᠤᠯᠢ ᠶᠢᠨ ᠬᠠᠷᠢᠭᠤᠴᠠᠯᠭ᠎ᠠ ᠶᠢᠨ ᠲᠤᠬᠠᠢ ᠲᠣᠭᠲᠠᠭᠠᠯ᠃      ᠵᠢᠷᠭᠤᠭ᠎ᠠ᠂ ︽ᠳᠦᠷᠢᠮ︾᠎ ᠳᠤ ᠪᠠᠰᠠ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠭᠤᠣᠯ ᠴᠣᠭᠴᠠ ᠶᠢ ᠲᠣᠳᠣᠷᠬᠠᠶᠢᠯᠠᠪᠠ      ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠭᠤᠣᠯ ᠴᠣᠭᠴᠠ ᠪᠣᠯ ᠳᠠᠷᠤᠢ ᠨᠤᠲᠤᠭ ᠪᠡᠯᠴᠢᠭᠡᠷ ᠤᠨ ᠬᠡᠷᠡᠭᠯᠡᠭᠴᠢ ᠪᠣᠯᠣᠨ᠎ᠠ᠃ ᠨᠤᠲᠤᠭ ᠪᠡᠯᠴᠢᠭᠡᠷ ᠢ ᠬᠡᠨ ᠬᠡᠷᠡᠭᠯᠡᠪᠡᠯ ᠲᠡᠷᠡ ᠬᠠᠷᠢᠭᠤᠴᠠᠨ ᠬᠠᠮᠠᠭᠠᠯᠠᠨ᠎ᠠ᠃ ᠡᠯ᠎ᠡ ᠱᠠᠲᠤᠨ ᠤ ᠵᠠᠰᠠᠭ ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠬᠤᠰᠢᠭᠤ ᠰᠢᠶᠠᠨ᠂ ᠰᠤᠮᠤ ᠬᠤᠶᠠᠷ ᠱᠠᠲᠤᠨ ᠤ ᠵᠠᠰᠠᠭ ᠤᠨ ᠣᠷᠳᠣᠨ ᠤ ᠡᠷᠬᠡ ᠪᠠ ᠬᠠᠷᠢᠭᠤᠴᠠᠯᠭ᠎ᠠ ᠶᠢ ᠴᠢᠩᠭᠠᠳᠬᠠᠪᠠ᠃      ᠳᠣᠯᠤᠭ᠎ᠠ᠂ ︽ᠳᠦᠷᠢᠮ︾᠎ ᠢ ᠤᠯᠤᠰ ᠤᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠵᠣᠯᠭᠠᠭᠤᠯᠬᠤ ᠬᠡᠷᠡᠭᠲᠡᠢ      ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠴᠠᠭᠠᠵᠠᠯᠠᠬᠤ ᠵᠢᠴᠢ ᠨᠦᠬᠦᠪᠦᠷᠢ ᠱᠠᠩᠨᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠶᠢᠨ ᠲᠥᠯᠥᠭᠡ᠂ ︽ᠳᠦᠷᠢᠮ︾᠎ ᠳᠤ᠂ ᠥᠪᠡᠷᠲᠡᠭᠡᠨ ᠵᠠᠰᠠᠬᠤ ᠣᠷᠣᠨ ᠠᠴᠠ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠣᠯᠠᠨ  ᠡᠰᠢᠵᠢᠭᠰᠡᠨ ᠨᠥᠬᠦᠪᠦᠷᠢ ᠣᠯᠭᠤᠬᠤ ᠲᠣᠭᠲᠠᠴᠠ ᠶᠢ ᠪᠠᠶᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠭᠰᠠᠨ ᠦᠷ᠎ᠡ ᠪᠦᠲᠦᠮᠵᠢ ᠶᠢ ᠨᠥᠬᠦᠪᠦᠷᠢ ᠪᠠ ᠱᠠᠩᠨᠠᠯ ᠤᠨ ᠮᠥᠩᠭᠦ ᠶᠢᠨ ᠬᠤᠪᠢᠶᠠᠷᠢᠯᠠᠯᠲᠠ ᠲᠠᠢ ᠬᠤᠯᠪᠣᠭᠳᠠᠭᠤᠯᠬᠤ ᠤᠷᠮᠠᠰᠢᠭᠤᠯᠵᠤ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠭᠰᠠᠳ ᠲᠤ ᠨᠥᠬᠦᠪᠦᠷᠢ ᠣᠯᠭᠤᠬᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠤᠬᠢᠷᠠᠭᠤᠯᠤᠭᠰᠠᠳ ᠠᠴᠠ ᠲᠥᠯᠥᠪᠦᠷᠢ ᠠᠪᠬᠤ ᠳᠦᠷᠢᠮ ᠢ ᠴᠢᠩᠭ᠎ᠠ ᠬᠡᠷᠡᠭᠵᠢᠭᠦᠯᠦᠨ᠎ᠡ ᠭᠡᠵᠦ ᠲᠣᠭᠲᠠᠭᠠᠵᠠᠢ᠃ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠡᠷᠬᠡ ᠲᠡᠭᠰᠢ ᠲᠥᠪ ᠭᠤᠥᠯᠴᠢ ᠴᠢᠨᠠᠷ ᠢ ᠭᠦᠢᠴᠡᠳ ᠢᠯᠡᠷᠡᠭᠦᠯᠬᠦ ᠶᠢᠨ ᠲᠥᠯᠥᠭᠡ᠂ ᠳᠦᠷᠢᠮ ᠳᠤ ᠪᠠᠰᠠ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠨᠥᠬᠦᠪᠦᠷᠢ ᠪᠠ ᠱᠠᠩᠨᠠᠯ ᠤᠨ ᠪᠡᠯᠡ ᠮᠥᠩᠭᠦ ᠶᠢ ᠲᠠᠷᠬᠠᠭᠠᠬᠤ ᠳᠤ ᠬᠥᠮᠥᠨ ᠳᠤᠮᠳᠠᠴᠢ ᠶᠢᠨ ᠨᠤᠲᠤᠭ ᠪᠡᠯᠴᠢᠭᠡᠷ ᠤᠨ ᠲᠠᠯᠠᠪᠠᠶ ᠶᠢᠨ ᠶᠡᠭᠡ ᠪᠠᠭ᠎ᠠ ᠵᠡᠷᠭᠡ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ ᠭᠡᠵᠦ ᠲᠣᠭᠲᠠᠭᠠᠵᠠᠢ᠃ ᠬᠥᠮᠥᠨ ᠪᠦᠷᠢ ᠳᠤ ᠨᠣᠭᠳᠠᠬᠤ ᠳᠤᠮᠳᠠᠴᠢ ᠪᠡᠯᠴᠢᠭᠡᠷ ᠤᠨ ᠲᠠᠯᠠᠪᠠᠢ ᠨᠢ ᠪᠠᠭ᠎ᠠ ᠭᠠᠵᠠᠷ ᠣᠷᠣᠨ ᠳᠤ ᠨᠥᠬᠦᠪᠦᠷᠢ ᠥᠭᠴᠦ ᠱᠠᠩᠨᠠᠬᠤ ᠪᠠᠷᠢᠮᠵᠢᠶ᠎ᠠ ᠶᠢ ᠵᠣᠬᠢᠰᠲᠠᠢ ᠪᠠᠷ ᠳᠡᠭᠡᠭᠰᠢᠯᠡᠭᠦᠯᠵᠦ ᠪᠣᠯᠣᠨ᠎ᠠ᠃      ᠨᠠᠢᠮᠠ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠳᠤ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠥᠳᠡᠯᠦᠩᠭᠦᠢ ᠲᠡᠩᠴᠡᠭᠦᠷᠢ ᠲᠠᠢ ᠪᠠᠶᠢᠯᠭᠠᠬᠤ ᠬᠡᠷᠡᠭᠲᠡᠢ      ᠨᠢᠭᠡ ᠳᠤ᠂ ᠪᠡᠯᠴᠢᠭᠡᠷ ᠤᠨ ᠪᠠᠭᠲᠠᠭᠠᠮᠵᠢ ᠳᠤ ᠲᠣᠬᠢᠷᠠᠬᠤ ᠪᠣᠳᠠᠲᠠᠢ ᠬᠢᠨᠠᠨ ᠲᠣᠭᠲᠠᠭᠠᠬᠤ ᠡᠷᠬᠡ ᠶᠢ ᠬᠤᠰᠢᠭᠤ ᠰᠢᠶᠠᠨ ᠤ ᠱᠠᠲᠤᠨ ᠳᠤ ᠨᠠᠶᠢᠳᠠᠪᠤᠷᠢᠵᠢᠭᠤᠯᠵᠤ᠂ ᠪᠡᠯᠴᠢᠭᠡᠷ ᠤᠨ ᠪᠠᠭᠲᠠᠭᠠᠮᠵᠢ ᠶᠢ ᠬᠢᠨᠠᠨ ᠲᠣᠭᠲᠠᠭᠠᠬᠤ ᠶᠢ ᠨᠠᠩ ᠰᠢᠨᠵᠢᠯᠡᠬᠦ ᠤᠬᠠᠭᠠᠨᠴᠢ᠂ ᠨᠠᠩ ᠣᠨᠣᠪᠴᠢᠲᠠᠶ ᠪᠣᠯᠭᠠᠵᠤ᠂ ᠡᠯ᠎ᠡ ᠭᠠᠵᠠᠷ ᠤᠨ ᠪᠣᠳᠠᠲᠠᠢ ᠪᠠᠶᠢᠳᠠᠯ ᠳᠤ ᠨᠠᠩ ᠢᠯᠡᠭᠦᠦ ᠨᠡᠶᠢᠴᠡᠭᠦᠯᠬᠦ ᠪᠠᠷ ᠴᠢᠷᠮᠠᠶᠢᠨ᠎ᠠ︔ ᠬᠤᠶᠠᠷ ᠲᠤ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠲᠤ ᠬᠡᠵᠢᠶᠡᠳᠡ ᠳᠠᠬᠢᠨ ᠠᠰᠢᠭᠯᠠᠭᠤᠯᠬᠤ ᠦᠭᠡᠢ ᠪᠢᠰᠢ᠂ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠨᠤᠲᠤᠭ ᠪᠡᠯᠴᠢᠭᠡᠷ ᠤᠨ ᠠᠮᠢ ᠠᠬᠤᠢ ᠶᠢ ᠦᠨᠡᠨᠬᠦ ᠰᠡᠷᠭᠦᠭᠡᠭᠰᠡᠨ ᠪᠠᠶᠢᠪᠠᠯ᠂ ᠨᠤᠲᠤᠭ ᠪᠡᠯᠴᠢᠭᠡᠷ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠶᠢᠨ ᠲᠥᠯᠥᠭᠡ᠂ ᠬᠠᠮᠠᠭᠠᠯᠠᠯᠲᠠ ᠶᠢᠨ ᠴᠢᠨᠠᠷᠲᠠᠢ ᠡᠪᠡᠰᠦ ᠬᠠᠳᠤᠵᠤ ᠪᠣᠯᠣᠨ᠎ᠠ᠂ ᠠᠮᠢ ᠠᠬᠤᠢ ᠎ ᠨᠢ ᠦᠨᠡᠨᠬᠦ ᠲᠣᠭᠲᠠᠭᠤᠨ ᠪᠣᠯᠤᠭᠰᠠᠨ ᠪᠠᠶᠢᠪᠠᠯ᠂ ᠮᠠᠯ ᠪᠡᠯᠴᠢᠭᠡᠷ ᠢ ᠲᠡᠩᠴᠡᠭᠦᠷᠢ ᠶᠢ ᠪᠠᠲᠤᠯᠠᠬᠤ ᠣᠷᠣᠨ ᠪᠣᠯᠭᠠᠨ ᠲᠣᠬᠢᠷᠠᠭᠤᠯᠵᠤ᠂ ᠨᠤᠲᠤᠭ ᠪᠡᠯᠴᠢᠭᠡᠷ ᠤᠨ ᠠᠮᠢ ᠠᠬᠤᠢ᠂ ᠦᠢᠯᠡᠳᠪᠦᠷᠢᠯᠡᠯ ᠤᠨ ᠬᠤᠣᠰ ᠴᠢᠳᠠᠮᠵᠢ ᠶᠢ ᠬᠠᠮᠲᠤ ᠳᠤᠨᠢ ᠬᠠᠷᠠᠭᠠᠯᠵᠠᠵᠤ ᠪᠣᠯᠣᠨ᠎ᠠ︔ ᠭᠤᠷᠪᠠ ᠳᠤ᠂ ᠳᠠᠷᠢᠵᠤ ᠲᠡᠵᠢᠭᠡᠬᠦ ᠶᠢ ᠤᠶᠠᠯᠳᠤᠭᠤᠯᠤᠭᠰᠠᠨ ᠬᠠᠭᠠᠰ ᠲᠠᠷᠢᠶᠠᠯᠠᠬᠤ ᠬᠠᠭᠠᠰ ᠮᠠᠯᠵᠢᠬᠤ ᠣᠷᠣᠨ ᠳᠤ᠂ ᠬᠥᠮᠥᠨ ᠤ ᠬᠦᠴᠦ ᠪᠠᠷ ᠡᠪᠡᠰᠦ ᠪᠣᠷᠳᠤᠭ᠎ᠠ ᠬᠠᠩᠭᠠᠵᠤ ᠪᠠᠶᠢᠭ᠎ᠠ ᠪᠠᠶᠢᠳᠠᠯ ᠢ ᠦᠨᠳᠦᠰᠦᠯᠡᠨ ᠮᠠᠯ ᠤᠨ ᠠᠷᠠᠴᠢᠯᠠᠭ᠎ᠠ ᠶᠢᠨ ᠬᠡᠮᠵᠢᠶ᠎ᠡ ᠶᠢ ᠵᠣᠬᠢᠰᠲᠠᠢ ᠪᠠᠷ ᠳᠡᠭᠡᠭᠰᠢᠯᠡᠭᠦᠯᠵᠦ ᠪᠣᠯᠣᠨ᠎ᠠ︔ ᠳᠥᠷᠪᠡ ᠳᠤ᠂ ᠮᠠᠯᠵᠢᠬᠤ ᠶᠢ ᠵᠣᠭᠰᠤᠭᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ᢭ ᠲᠤ ᠪᠡᠯᠴᠢᠭᠡᠷᠯᠡᠭᠦᠯᠬᠦ ᠶᠢ ᠵᠣᠭᠰᠤᠭᠠᠬᠤ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠂ ᠲᠤᠬᠠᠶᠢᠯᠠᠪᠠᠯ ᠵᠢᠯ ᠪᠦᠷᠢ ᠶᠢᠨ ᠪᠡᠯᠴᠢᠭᠡᠷ ᠡᠪᠡᠰᠦ ᠨᠣᠭᠤᠭᠠᠷᠠᠬᠤ ᠬᠤᠭᠤᠴᠠᠭᠠᠨ᢭ ᠲᠤ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠨᠥᠬᠦᠴᠡᠯ ᠪᠣᠯᠣᠨ ᠪᠡᠯᠴᠢᠭᠡᠷ ᠡᠪᠡᠰᠦᠨ ᠤ ᠤᠷᠭᠤᠯᠲᠠ ᠶᠢᠨ ᠵᠢᠮ᠎ᠡ ᠶᠣᠰᠣ ᠶᠢ ᠦᠨᠳᠦᠰᠦᠯᠡᠨ ᠪᠡᠯᠴᠢᠭᠡᠷᠯᠡᠭᠦᠯᠬᠦ ᠶᠢ ᠵᠣᠭᠰᠤᠭᠠᠬᠤ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠪᠡᠯᠴᠢᠭᠡᠷᠯᠡᠭᠦᠯᠬᠦ ᠶᠢ ᠵᠣᠭᠰᠤᠭᠠᠬᠤ ᠬᠤᠭᠤᠴᠠᠭ᠎ᠠ ᠶᠢ ᠳᠥᠴᠢᠨ ᠲᠠᠪᠤᠨ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠶᠢᠰᠦ᠂ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠬᠤᠪᠢᠶᠠᠷᠢᠯᠠᠨ ᠲᠣᠭᠲᠠᠭᠠᠬᠤ ᠬᠡᠪᠴᠢᠶ᠎ᠡ᠂ ᠦᠶᠡᠯᠡᠬᠦ ᠬᠤᠭᠤᠴᠠᠭ᠎ᠠ ᠬᠢᠭᠡᠳ ᠲᠣᠬᠢᠷᠠᠭᠤᠯᠬᠤ ᠠᠷᠭ᠎ᠠ ᠮᠠᠶ᠋ᠢᠭ      ᠨᠤᠲᠤᠭ ᠪᠡᠯᠴᠢᠭᠡᠷ ᠤᠨ ᠬᠠᠤᠯᠢ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠦᠷᠢᠮ ᠵᠡᠷᠭᠡ ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠪᠠ ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠳᠦᠷᠢᠮ︾᠎ ᠳᠤ ᠬᠦᠨᠳᠦ ᠬᠡᠮᠵᠢᠶᠡᠨ ᠤ ᠲᠠᠴᠢᠷᠳᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠮᠠᠯ ᠮᠠᠯᠵᠢᠵᠤ ᠠᠰᠢᠭᠯᠠᠬᠤ ᠳᠤ ᠲᠣᠬᠢᠷᠠᠬᠤ ᠦᠭᠡᠢ ᠳᠤᠮᠳᠠ ᠬᠡᠮᠵᠢᠶᠡᠨ ᠤ ᠲᠠᠴᠢᠷᠳᠠᠵᠤ ᠡᠯᠡᠰᠦᠷᠬᠡᠭᠵᠢᠭᠰᠡᠨ ᠨᠤᠲᠤᠭ ᠪᠡᠯᠴᠢᠭᠡᠷ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠪᠠ ᠴᠢᠬᠤᠯᠠ ᠨᠤᠭᠤ ᠭᠠᠵᠠᠷ ᠤᠨ ᠨᠤᠲᠤᠭ ᠪᠡᠯᠴᠢᠭᠡᠷ ᠵᠢᠴᠢ ᠪᠤᠰᠤᠳ ᠪᠡᠯᠴᠢᠭᠡᠷᠯᠡᠭᠦᠯᠬᠦ ᠶᠢ ᠴᠠᠭᠠᠵᠠᠯᠠᠬᠤ ᠴᠢᠬᠤᠯᠠᠲᠠᠢ ᠨᠤᠲᠤᠭ ᠪᠡᠯᠴᠢᠭᠡᠷ ᠢ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢᠶᠠᠷ ᠵᠠᠭᠠᠭᠯᠠᠨ ᠲᠣᠭᠲᠠᠭᠠᠬᠤ ᠬᠡᠷᠡᠭᠲᠡᠢ︔ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠢ ᠲᠠᠪᠤᠨ ᠵᠢᠯ ᠳᠤ ᠨᠢᠭᠡ ᠤᠳᠠᠭ᠎ᠠ ᠵᠠᠭᠠᠭᠯᠠᠨ ᠲᠣᠭᠲᠠᠭᠠᠨ᠎ᠠ︔ ᠤᠷᠭᠤᠮᠠᠯ ᠤᠨ ᠬᠤᠴᠢᠯᠭ᠎ᠠ ᠶᠢ ᠪᠦᠲᠦᠮᠵᠢᠲᠡᠶ ᠰᠡᠷᠭᠦᠭᠡᠭᠰᠡᠨ ᠪᠡᠯᠴᠢᠭᠡᠷᠯᠡᠭᠦᠯᠬᠦ ᠶᠢ ᠴᠠᠭᠠᠵᠠᠯᠠᠬᠤ ᠣᠷᠣᠨ ᠤ ᠨᠤᠲᠤᠭ ᠪᠡᠯᠴᠢᠭᠡᠷ ᠢ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠣᠷᠣᠨ ᠪᠣᠯᠭᠠᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠪᠡᠯᠴᠢᠭᠡᠷᠯᠡᠭᠦᠯᠦᠨ ᠠᠰᠢᠭᠯᠠᠵᠤ ᠪᠣᠯᠣᠨ᠎ᠠ᠃      ᠠᠷᠪᠠ᠂ ᠬᠤᠯᠪᠣᠭᠳᠠᠯ ᠪᠦᠬᠦᠢ ᠬᠠᠤᠯᠢ ᠶᠢᠨ ᠬᠠᠷᠢᠭᠤᠴᠠᠯᠭ᠎ᠠ      ︽ᠳᠦᠷᠢᠮ︾᠎ ᠳᠤ ᠵᠢᠭᠠᠵᠤ ᠭᠠᠷᠭᠠᠭᠰᠠᠨ ᠨᠢ᠂ ᠲᠣᠰ ᠳᠦᠷᠢᠮ ᠤᠨ ᠲᠣᠭᠲᠠᠭᠠᠯ ᠢ ᠵᠥᠷᠢᠴᠡᠵᠦ᠂ ᠬᠢᠨᠠᠨ ᠲᠣᠭᠲᠠᠭᠠᠭᠰᠠᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠠᠴᠠ ᠬᠡᠲᠦᠷᠡᠭᠦᠯᠦᠨ ᠪᠡᠯᠴᠢᠭᠡᠷᠯᠡᠭᠦᠯᠦᠭᠰᠡᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ︔ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠳᠠᠭᠠᠭᠠᠴᠠ ᠠᠴᠠ ᠬᠡᠲᠦᠷᠡᠭᠰᠡᠨ ᠬᠤᠨᠢᠴᠢᠯᠠᠭᠰᠠᠨ ᠨᠢᠭᠡᠴᠢ ᠪᠦᠷᠢ ᠶᠢ 100 ᠲᠥᠭᠦᠷᠢᠭ ᠢᠶᠠᠷ ᠲᠣᠷᠭᠠᠬᠤ ᠪᠠᠷ ᠰᠢᠢᠳᠬᠡᠨ᠎ᠡ᠃ ᠪᠡᠯᠴᠢᠭᠡᠷᠯᠡᠭᠦᠯᠬᠦ ᠶᠢ ᠴᠠᠭᠠᠵᠠᠯᠠᠭᠰᠠᠨ ᠣᠷᠣᠨ ᠪᠤᠶᠤ ᠪᠡᠯᠴᠢᠭᠡᠷᠯᠡᠭᠦᠯᠬᠦ ᠶᠢ ᠵᠣᠭᠰᠣᠭᠠᠭᠰᠠᠨ ᠬᠤᠭᠤᠴᠠᠭᠠᠨ ᠳᠤ ᠮᠠᠯ ᠬᠠᠷᠢᠭᠤᠯᠤᠭᠰᠠᠨ ᠪᠠᠶᠢᠪᠠᠯ᠂ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠤᠶᠤ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠠᠴᠠ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠠᠴᠠ ᠵᠥᠷᠢᠴᠡᠨ ᠬᠤᠨᠢ ᠬᠠᠷᠢᠭᠤᠯᠤᠭᠰᠠᠨ ᠨᠢᠭᠡᠴᠡ ᠪᠦᠷᠢ ᠶᠢᠨ 120 ᠲᠥᠭᠦᠷᠢᠭ ᠢᠶᠠᠷ ᠲᠣᠷᠭᠠᠬᠤ ᠪᠠᠷ ᠰᠢᠳᠬᠡᠨ᠎ᠡ᠃      ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ ᠪᠠ ᠪᠡᠯᠴᠢᠭᠡᠷᠯᠡᠭᠦᠯᠬᠦ ᠶᠢ ᠵᠤᠭᠰᠣᠭᠠᠨ ᠪᠡᠯᠴᠢᠭᠡᠷ ᠢ ᠰᠡᠷᠭᠦᠭᠡᠬᠦ ᠳᠦᠷᠢᠮ︾᠎ ᠢ ᠬᠡᠷᠡᠭᠵᠢᠭᠦᠯᠦᠭᠰᠡᠨ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠣᠪᠣᠶᠢᠮ᠎ᠠ ᠠᠰᠠᠭᠤᠳᠠᠯ ᠢ ᠰᠢᠢᠳᠪᠦᠷᠢᠯᠡᠬᠦ᠂ ᠨᠤᠲᠤᠭ ᠪᠡᠯᠴᠢᠭᠡᠷ ᠤᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ᠂ ᠥᠷᠭᠡᠨ ᠣᠯᠠᠨ ᠠᠷᠠᠳ ᠲᠦᠮᠡᠨ ᠤ ᠲᠣᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号