ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠭᠤᠣᠯ ᠰᠡᠳᠦᠪᠲᠦ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ | ᠰᠣᠷᠣᠭᠴᠢ ᠨᠢᠭᠡᠪᠦᠷᠢ ᠳᠤ ᠲᠥᠪ ᠭᠤᠥᠯᠴᠢ ᠪᠥᠭᠡᠳ ᠴᠢᠨᠠᠷ ᠰᠠᠶᠢᠲᠠᠢ ᠰᠤᠷᠭᠠᠨ ᠬᠥᠮᠦᠵᠢᠯ ᠢ ᠦᠨᠡᠨᠬᠦ | ᠬᠠᠩᠭᠠᠬᠤ ᠶᠢᠨ ᠲᠥᠯᠥᠭᠡ᠂ 11 ᠰᠠᠷ᠎ᠠ ᠶᠢᠨ 9 ᠤ ᠦᠳᠡ ᠶᠢᠨ ᠬᠤᠶᠢᠨ᠎ᠠ᠂ ᠤᠨᠴᠠᠭᠠᠢ ᠬᠡᠤᠬᠡᠳ ᠢ ᠬᠠᠶᠢᠷᠠᠯᠠᠨ | ᠬᠠᠯᠠᠮᠵᠢᠯᠠᠵᠤ᠂ ᠬᠠᠮ ᠰᠤᠷᠭᠠᠨ ᠬᠥᠮᠤᠵᠢᠯ ᠢ ᠬᠠᠶᠢᠨ ᠰᠥᠪᠡᠭᠴᠢᠯᠡᠶᠡ—— ᠮᠠᠨ ᠤ ᠬᠤᠰᠢᠭᠤᠨ ᠤ ᠠᠩᠬᠠᠳᠠᠭᠴᠢ | ᠲᠤᠰᠬᠠᠢ ᠬᠥᠮᠦᠵᠢᠯ ᠤᠨ ᠠᠩᠭᠢ ᠡᠬᠢᠯᠡᠬᠦ ᠶᠣᠰᠣᠯᠠᠯ ᠬᠤᠶᠠᠳᠤᠭᠠᠷ ᠬᠡᠦᠬᠡᠳ ᠤᠨ ᠴᠡᠴᠡᠷᠯᠢᠭ ᠲᠤ ᠶᠠᠪᠤᠭᠳᠠᠪᠠ᠃ | ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠠᠨ ᠴᠢ ᠵᠢᠶᠦ᠋ᠨ ᠪᠣᠯᠣᠨ ᠬᠤᠰᠢᠭᠤ | ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠤᠷᠭᠠᠨ ᠬᠥᠮᠦᠵᠢᠯ ᠤᠨ ᠲᠣᠪᠴᠢᠶ᠎ᠠ ᠶᠢᠨ ᠭᠤᠣᠯ | ᠤᠳᠤᠷᠢᠳᠤᠯᠭ᠎ᠠ ᠵᠢᠴᠢ ᠰᠢᠯᠢᠩᠬᠤᠲᠠ ᠶᠢᠨ ᠲᠤᠰᠬᠠᠢ ᠬᠥᠮᠦᠵᠢᠯ ᠤᠨ ᠰᠤᠷᠭᠠᠭᠤᠯᠢ ᠶᠢᠨ ᠵᠠᠬᠢᠷᠤᠯ ᠪᠣᠯᠣᠨ | ᠨᠡᠶᠢᠭᠡᠮ ᠤᠨ ᠡᠯ᠎ᠡ ᠡᠲᠡᠭᠡᠳ ᠤᠨ ᠬᠠᠯᠠᠭᠤᠨ ᠰᠡᠳᠬᠢᠯᠲᠦ ᠬᠥᠮᠥᠰ᠂ ᠲᠤᠰᠬᠠᠢ ᠬᠥᠮᠦᠵᠢᠯ ᠤᠨ ᠠᠩᠭᠢ ᠶᠢᠨ | ᠬᠡᠦᠬᠡᠳ ᠤᠨ ᠭᠡᠷ ᠤᠨ ᠠᠬᠠᠮᠠᠳ ᠵᠢᠴᠢ ᠬᠡᠰᠡᠭ ᠪᠠᠭᠰᠢ ᠨᠠᠷ ᠠᠩᠭᠢ ᠡᠬᠢᠯᠡᠬᠦ ᠶᠣᠰᠣᠯᠠᠯ ᠳᠤ ᠤᠷᠤᠯᠴᠠᠪᠠ᠃ | ᠶᠣᠰᠣᠯᠠᠯ ᠳᠡᠭᠡᠷ᠎ᠡ᠂ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠬᠤᠶᠠᠳᠤᠭᠠᠷ ᠬᠡᠦᠬᠡᠳ ᠤᠨ | ᠴᠡᠴᠡᠷᠯᠢᠭ᠂ ᠰᠢᠯᠢᠩᠬᠤᠲᠠ ᠶᠢᠨ ᠲᠤᠰᠬᠠᠢ ᠬᠥᠮᠦᠵᠢᠯ ᠤᠨ ᠰᠤᠷᠭᠠᠭᠤᠯᠢ ᠶᠢᠨ ᠭᠤᠣᠯ ᠤᠳᠤᠷᠢᠳᠤᠯᠭ᠎ᠠ ᠵᠢᠴᠢ ᠪᠠᠭᠰᠢ | ᠂ ᠭᠡᠷ ᠤᠨ ᠠᠬᠠᠮᠠᠳ ᠤᠨ ᠲᠥᠯᠥᠭᠡᠯᠡᠭᠴᠢ ᠲᠣᠰ ᠲᠣᠰ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠵᠤ᠂ ᠶᠠᠨ ᠴᠢ | ᠵᠢᠶᠦ᠋ᠨ ᠪᠣᠯᠣᠨ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠤᠨ ᠳᠠᠷᠤᠭ᠎ᠠ ᠠᠴᠠ ᠲᠤᠰᠬᠠᠢ ᠬᠥᠮᠦᠵᠢᠯ ᠤᠨ | ᠠᠩᠭᠢ ᠶᠢᠨ ᠫᠠᠶᠢᠰᠠ ᠶᠢ ᠰᠡᠬᠦᠵᠤ᠂ ᠬᠤᠰᠢᠭᠤ ᠬᠤᠶᠠᠳᠤᠭᠠᠷ ᠬᠡᠦᠬᠡᠳ ᠤᠨ ᠴᠡᠴᠡᠷᠯᠢᠭ ᠰᠢᠯᠢᠩᠬᠤᠲᠠ ᠶᠢᠨ ᠲᠤᠰᠬᠠᠢ | ᠬᠥᠮᠦᠵᠢᠯ ᠤᠨ ᠰᠤᠷᠭᠠᠭᠤᠯᠢ ᠲᠠᠢ ︽ᠭᠠᠷ ᠭᠠᠷ ᠢᠶᠠᠨ ᠬᠤᠯᠪᠣᠯᠴᠠᠭᠰᠠᠨ ᠨᠥᠬᠦᠷᠰᠡᠭ ᠰᠤᠷᠭᠠᠭᠤᠯᠢ︾ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠶᠣᠰᠣᠯᠠᠯ ᠳᠤ᠂ ᠨᠡᠶᠢᠭᠡᠮ ᠤᠨ ᠡᠯ᠎ᠡ | ᠡᠲᠡᠭᠡᠳ ᠤᠨ ᠬᠥᠮᠥᠰ ᠠᠴᠠ ᠮᠠᠨ ᠤ ᠬᠤᠰᠢᠭᠤᠨ ᠤ ᠠᠩᠬᠠᠳᠠᠭᠴᠢ ᠲᠤᠰᠬᠠᠢ ᠬᠥᠮᠦᠵᠢᠯ ᠤᠨ ᠠᠩᠭᠢ ᠳᠤ ᠬᠠᠨᠳᠢᠪ | ᠡᠷᠭᠦᠵᠡᠢ᠃ | ᠳᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠤᠰᠬᠠᠢ ᠬᠥᠮᠦᠵᠢᠯ ᠤᠨ ᠲᠦᠭᠡᠮᠡᠯ ᠬᠠᠷᠠᠭᠠᠯᠵᠠᠯ ᠤᠨ | ᠬᠥᠭᠵᠢᠯᠲᠡ ᠶᠢ ᠦᠷᠭᠦᠯᠵᠢᠯᠡᠨ ᠯᠠᠪᠳᠠᠭᠤᠨ ᠪᠠᠲᠤᠲᠠᠢ ᠠᠬᠢᠭᠤᠯᠵᠤ᠂ ᠨᠠᠩ ᠣᠯᠠᠨ ᠰᠤᠷᠬᠤ ᠨᠠᠰᠤᠨ ᠤ ᠣᠨᠴᠠᠭᠠᠶ | ᠬᠡᠦᠬᠡᠳ ᠤᠨ ᠰᠤᠷᠭᠠᠭᠤᠯᠢ ᠳᠤ ᠣᠷᠣᠬᠤ ᠬᠡᠷᠡᠭᠴᠡᠭᠡ ᠶᠢ ᠬᠠᠩᠭᠠᠨ᠂ ᠲᠡᠳᠡᠨ ᠳᠤ ᠡᠩ ᠤᠨ ᠬᠡᠦᠬᠡᠳ ᠲᠠᠢ | ᠠᠳᠠᠯᠢ ᠪᠠᠷ ᠨᠠᠩ ᠰᠢᠯᠢᠳᠡᠭ ᠰᠤᠷᠭᠠᠨ ᠬᠥᠮᠦᠵᠢᠯ ᠬᠦᠷᠲᠡᠭᠡᠵᠦ᠂ ᠥᠪᠡᠷ ᠢ ᠪᠠᠨ ᠬᠦᠨᠳᠦᠳᠬᠡᠬᠦ᠂ ᠥᠪᠡᠷ ᠢ ᠪᠠᠨ | ᠢᠲᠡᠭᠡᠬᠦ᠂ ᠥᠪᠡᠷ ᠢ ᠪᠠᠨ ᠬᠦᠴᠦᠷᠬᠡᠭᠵᠢᠭᠦᠯᠬᠦ᠂ ᠪᠡᠶ᠎ᠡ ᠪᠠᠨ ᠳᠠᠭᠠᠭᠠᠬᠤ ᠪᠥᠬᠦ ᠲᠠᠯ᠎ᠠ ᠶᠢᠨ ᠡᠷᠡᠭᠦᠯ ᠪᠥᠭᠡᠳ | ᠲᠣᠬᠢᠷᠠᠮᠵᠢᠲᠠᠢ ᠬᠥᠭᠵᠢᠯᠲᠡ ᠶᠢ ᠡᠳ᠋ᠯᠡᠭᠦᠯᠬᠦ ᠪᠣᠯᠣᠨ᠎ᠠ᠃ | |