ᠪᠥᠬᠦ ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠢᠷᠢ ᠲᠦᠪᠰᠢᠨ | ᠪᠠ ᠠᠵᠢᠯ ᠤᠨ ᠴᠢᠨᠠᠷ ᠴᠢᠨᠰᠠᠭ᠎ᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 9 ᠤ | ᠡᠳᠦᠷ᠂ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠠᠴᠠ ᠪᠥᠬᠦ ᠬᠤᠰᠢᠭᠤᠨ ᠤ ᠨᠠᠮ ᠤᠨ ᠬᠤᠷᠢᠶᠠᠨ ᠤ | ᠰᠢᠰᠲ᠋ᠧᠮ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠤᠨ ᠪᠣᠯᠪᠠᠰᠤᠷᠠᠯ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠵᠠᠢ᠃ | ᠬᠤᠷᠠᠯ ᠳᠤ᠂ ᠠᠶᠢᠮᠠᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠮᠡᠳᠡᠭᠡ ᠵᠠᠩᠭᠢ ᠶᠢᠨ ᠰᠠᠯᠠᠭᠠᠨ ᠤ | ᠳᠠᠷᠤᠭ᠎ᠠ ᠵᠠᠩ ᠶᠠ ᠵᠢᠩ ᠠᠴᠠ ᠰᠢᠨ᠎ᠡ ᠴᠠᠭ ᠦᠶ᠎ᠡ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠠᠵᠢᠯ ᠢ | ᠬᠡᠷᠬᠢᠨ ᠰᠠᠶᠢᠲᠤᠷ ᠬᠢᠬᠦ ᠲᠤᠬᠠᠢ ᠲᠤᠰᠬᠠᠢ ᠰᠡᠳᠦᠪᠲᠦ ᠵᠢᠯᠣᠭᠤᠳᠤᠯᠭ᠎ᠠ ᠬᠢᠭᠰᠡᠨ ᠪᠠᠶᠢᠨ᠎ᠠ᠃ | ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠠᠮ ᠤᠨ ᠬᠤᠷᠢᠶᠠᠨ ᠤ ᠠᠯᠪᠠᠨ ᠭᠡᠷ ᠤᠨ | ᠡᠷᠬᠢᠯᠡᠭᠴᠢ ᠸᠠᠩ ᠬᠤᠩ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠡᠯ᠎ᠡ ᠭᠠᠵᠠᠷ᠂ ᠡᠯ᠎ᠡ ᠰᠠᠯᠠᠭ᠎ᠠ | ᠮᠥᠴᠢᠷ ᠤᠨ ᠮᠡᠳᠡᠭᠡ ᠵᠠᠩᠭᠢ ᠶᠢᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠮᠡᠳᠡᠭᠡ ᠵᠠᠩᠭᠢ | ᠨᠠᠶᠢᠷᠠᠭᠤᠯᠤᠨ ᠪᠢᠴᠢᠬᠦ ᠠᠵᠢᠯᠲᠠᠨ ᠬᠤᠷᠠᠯ ᠳᠤ ᠣᠷᠤᠯᠴᠠᠭᠰᠠᠨ ᠪᠠᠶᠢᠨ᠎ᠠ᠃ | ᠬᠤᠷᠠᠯ ᠳᠡᠭᠡᠷ᠎ᠡ᠂ ᠵᠠᠩ ᠶᠠ ᠵᠢᠩ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠨᠠᠶᠢᠷᠠᠭᠤᠯᠭ᠎ᠠ ᠶᠢᠨ | ᠦᠨᠳᠦᠰᠦᠨ ᠡᠯᠧᠮᠧᠨ᠋ᠲ᠂ ᠠᠷᠭ᠎ᠠ ᠬᠡᠯᠪᠡᠷᠢ ᠵᠢᠴᠢ ᠴᠢᠬᠤᠯᠠ ᠪᠠᠴᠢᠮ ᠮᠡᠳᠡᠭᠡ ᠵᠠᠩᠭᠢ ᠶᠢ ᠬᠡᠷᠬᠢᠨ ᠴᠠᠭ ᠲᠤᠬᠠᠢ ᠳᠤᠨᠢ | ᠣᠨᠣᠪᠴᠢᠲᠠᠶ ᠳᠡᠭᠡᠭᠰᠢ ᠮᠡᠳᠡᠭᠦᠯᠬᠦ ᠵᠡᠷᠭᠡ ᠲᠠᠯ᠎ᠠ ᠲᠠᠢ ᠤᠶᠠᠯᠳᠤᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ | ᠵᠠᠩᠭᠢ ᠶᠢᠨ ᠵᠣᠬᠢᠶᠠᠨ ᠪᠢᠴᠢᠯᠭᠡ ᠳᠤ ᠭᠦᠨᠵᠡᠭᠡᠢ ᠪᠥᠭᠡᠳ ᠣᠶᠢᠯᠠᠭᠠᠮᠵᠢᠲᠠᠢ ᠪᠠᠷ ᠨᠠᠷᠢᠨ ᠲᠠᠶᠢᠯᠤᠮᠵᠢ ᠬᠢᠵᠦ᠂ | ᠲᠠᠶᠢᠯᠤᠮᠵᠢ ᠨᠢ ᠪᠣᠳᠠᠲᠠᠢ ᠬᠡᠷᠡᠭ ᠤᠨ ᠵᠢᠱᠢᠶ᠎ᠡ ᠶᠢ ᠵᠠᠳᠠᠯᠤᠨ ᠰᠢᠨᠵᠢᠯᠡᠬᠦ ᠪᠠᠷ ᠪᠠᠷᠠᠬᠤ ᠦᠭᠡᠢ ᠪᠠᠰᠠ ᠪᠣᠳᠠᠲᠠᠢ | ᠠᠵᠢᠯᠯᠠᠭᠠᠨ ᠤ ᠵᠢᠯᠣᠭᠤᠳᠤᠯᠭ᠎ᠠ ᠲᠠᠢ᠂ ᠠᠭᠤᠯᠭ᠎ᠠ ᠨᠢ ᠨᠠᠷᠢᠨ ᠪᠣᠳᠠᠲᠠᠢ ᠪᠥᠭᠡᠳ ᠪᠥᠬᠦ ᠲᠠᠯ᠎ᠠ ᠶᠢᠨ ᠪᠠᠶᠢᠵᠤ᠂ ᠪᠥᠬᠦ | ᠬᠤᠰᠢᠭᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ | ᠳᠡᠭᠡᠭᠰᠢᠯᠡᠭᠦᠯᠬᠦ ᠳᠤ ᠮᠠᠰᠢ ᠴᠢᠩᠭ᠎ᠠ ᠬᠠᠨᠳᠤᠯᠭᠠᠲᠤ ᠴᠢᠨᠠᠷ ᠪᠠ ᠵᠢᠯᠤᠭᠤᠳᠬᠤ ᠴᠢᠨᠠᠷ ᠲᠠᠢ ᠃ | ᠬᠤᠷᠠᠯ ᠠᠴᠠ ᠱᠠᠭᠠᠷᠳᠠᠭᠰᠠᠨ ᠨᠢ᠂ ᠪᠦᠬᠦᠨ ᠬᠤᠰᠢᠭᠤ ᠪᠠᠷ ᠢᠶᠠᠨ ᠲᠤᠰ ᠤᠳᠠᠭᠠᠨ ᠤ ᠪᠣᠯᠪᠠᠰᠤᠷᠠᠯ ᠤᠨ | ᠬᠤᠷᠠᠯ ᠢᠶᠠᠷ ᠠᠵᠠ ᠳᠣᠬᠢᠶᠠᠯ ᠪᠣᠯᠭᠠᠵᠤ᠂ ᠶᠡᠷᠥᠩᠬᠡᠢ ᠱᠦᠵᠢ ᠶᠢᠨ ᠥᠪᠥᠷ ᠮᠣᠩᠭᠤᠯ ᠳᠤ ᠳᠤᠰᠢᠶᠠᠭᠰᠠᠨ ︿︿ᠬᠤᠶᠠᠷ | ᠶᠡᠭᠡ ᠶᠠᠪᠤᠳᠠᠯ﹀﹀ ᠪᠠ ᠪᠦᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠥᠭᠵᠢᠯᠲᠡ ᠶᠢᠨ ᠡᠭᠦᠷᠭᠡ ᠳᠤ | ᠬᠠᠨᠳᠤᠭᠤᠯᠤᠨ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠪᠠ ᠳᠥᠰᠥᠪᠯᠡᠨ ᠰᠡᠳᠬᠢᠬᠦ ᠪᠠᠨ ᠴᠢᠩᠭᠠᠳᠬᠠᠨ᠂ | ᠮᠡᠳᠡᠭᠡ ᠵᠠᠩᠭᠢ ᠨᠠᠶᠢᠷᠠᠭᠤᠯᠤᠨ ᠮᠡᠳᠡᠭᠦᠯᠬᠦ ᠶᠠᠰᠤ ᠴᠢᠨᠠᠷ ᠢ ᠳᠠᠰᠤᠷᠠᠯᠲᠠ ᠦᠭᠡᠢ ᠳᠡᠭᠭᠡᠰᠢᠯᠡᠭᠦᠯᠬᠦ ᠬᠡᠷᠡᠭᠲᠡᠢ᠃ ᠤᠯᠤᠰ | ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠡᠳᠡᠭᠡ ᠵᠠᠩᠭᠢ ᠶᠢᠨ ᠠᠵᠢᠯ ᠢ ᠪᠥᠬᠦ ᠬᠤᠰᠢᠭᠤᠨ ᠤ ᠭᠤᠣᠯ | ᠠᠵᠢᠯ ᠲᠠᠢ ᠢᠮᠠᠭᠲᠠ ᠨᠢᠭᠲᠠ ᠵᠣᠯᠭᠠᠭᠤᠯᠵᠤ᠂ ᠬᠠᠮᠲᠤ ᠶᠢᠨ ᠠᠯᠬᠤᠮ ᠢᠶᠠᠨ ᠨᠢᠭᠡᠳᠬᠡᠨ᠂ ᠬᠤᠰᠢᠭᠤ ᠨᠠᠮ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ︽ᠭᠢᠷᠠᠬᠠᠢ ᠠᠵᠢᠭᠴᠢ᠂ ᠰᠠᠶᠢᠨ ᠰᠤᠨᠤᠰᠤᠭᠴᠢ︾ ᠪᠣᠯᠵᠤ᠂ ᠨᠠᠮ | ᠵᠠᠰᠠᠭ ᠤᠨ ᠮᠡᠳᠡᠭᠡ ᠵᠠᠩᠭᠢ ᠶᠢᠨ ᠭᠤᠣᠯ ᠠᠷᠭ᠎ᠠ ᠵᠠᠮ ᠤᠨ ᠦᠢᠯᠡᠳᠦᠯ ᠢ ᠦᠨᠡᠨ ᠬᠦ ᠰᠠᠶᠢᠲᠤᠷ ᠪᠠᠳᠠᠷᠠᠭᠤᠯᠬᠤ | ᠬᠡᠷᠡᠭᠲᠡᠢ᠃ ᠰᠣᠳᠣᠨ ᠪᠦᠲᠦᠭᠡᠯ ᠤᠨ ᠤᠬᠠᠮᠰᠠᠷ ᠢᠶᠠᠨ ᠴᠢᠩᠭᠠᠳᠬᠠᠵᠤ᠂ ᠮᠡᠳᠡᠭᠡ ᠵᠠᠩᠭᠢ ᠶᠢ ᠶᠡᠷᠦᠩᠬᠡᠶᠢᠯᠡᠨ | ᠰᠤᠳᠤᠯᠤᠨ ᠮᠠᠭᠠᠳᠯᠠᠵᠤ ᠪᠣᠯᠪᠠᠰᠤᠷᠠᠭᠤᠯᠬᠤ ᠶᠢ ᠴᠢᠩᠭᠠᠳᠬᠠᠵᠤ᠂ ᠤᠯᠤᠰ ᠲᠦᠷᠦ ᠶᠢᠨ ᠪᠣᠭᠤᠮᠲᠠ᠂ ᠲᠦᠷᠦ ᠶᠢᠨ | ᠪᠣᠳᠣᠯᠭ᠎ᠠ ᠶᠢᠨ ᠪᠣᠭᠤᠮᠲᠠ᠂ ᠠᠭᠤᠯᠭ᠎ᠠ ᠶᠢᠨ ᠪᠣᠭᠤᠮᠲᠠ᠂ ᠵᠣᠬᠢᠶᠠᠯ ᠤᠨ ᠰᠤᠷᠲᠠᠯ ᠤᠨ ᠪᠣᠭᠤᠮᠲᠠ ᠶᠢ ᠰᠠᠶᠢᠲᠤᠷ | ᠠᠳᠬᠤᠵᠤ᠂ ᠦᠨ᠎ᠡ ᠦᠷᠳᠡᠭ ᠲᠠᠢ ᠮᠡᠳᠡᠭᠡ ᠵᠠᠩᠭᠢ ᠶᠢ ᠦᠨᠡᠨᠬᠦ ᠰᠣᠩᠭᠤᠨ ᠭᠠᠷᠭᠠᠵᠤ ᠳᠡᠭᠡᠭᠰᠢ ᠮᠡᠳᠡᠭᠦᠯᠬᠦ | ᠬᠡᠷᠡᠭᠲᠡᠢ᠃ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠬᠤᠭᠤᠴᠠᠭᠠᠲᠤ ᠴᠢᠨᠠᠷ ᠢ ᠢᠮᠠᠭᠲᠠ ᠲᠣᠪᠣᠶᠢᠮ᠎ᠠ ᠪᠠᠶᠢᠷᠢᠨᠳᠤ | ᠲᠠᠯᠪᠢᠵᠤ᠂ ᠠᠩᠬᠠᠨ ᠤ ᠮᠠᠲ᠋ᠧᠷᠢᠶᠠᠯ ᠢ ᠠᠳᠬᠤᠬᠤ ᠶᠢ ᠴᠢᠬᠤᠯᠠᠴᠢᠯᠠᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ | ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠴᠢᠬᠤᠯᠠ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ | ᠠᠵᠢᠯ ᠢ ᠬᠦᠴᠦᠯᠡᠨ ᠰᠠᠶᠢᠲᠤᠷ ᠬᠢᠵᠦ᠂ ᠮᠡᠳᠡᠭᠡ ᠵᠠᠩᠭᠢ ᠶᠢ ᠴᠠᠭ ᠲᠤᠬᠠᠢ ᠳᠤᠨᠢ ᠥᠨᠳᠥᠷ ᠪᠦᠲᠦᠮᠵᠢᠲᠡᠶ | ᠮᠡᠳᠡᠭᠦᠯᠦᠨ ᠬᠦᠷᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃ | ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ᠪᠥᠬᠦ ᠬᠤᠰᠢᠭᠤᠨ ᠤ ᠮᠡᠳᠡᠭᠡ ᠵᠠᠩᠭᠢᠴᠢᠳ ᠤᠨ ᠡᠩᠨᠡᠭᠡᠨ ᠤ | ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠦᠵᠡᠯ ᠰᠠᠨᠠᠭ᠎ᠠ ᠪᠠᠨ ᠨᠢᠭᠡᠳᠬᠡᠨ᠂ ᠲᠠᠨᠢᠯᠲᠠ ᠪᠠᠨ | ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ︽ᠭᠢᠷᠠᠬᠠᠢ ᠠᠵᠢᠭᠴᠢ︾᠂ ︽ᠰᠠᠶᠢᠨ | ᠰᠤᠨᠤᠰᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ | ᠠᠵᠢᠯ ᠤᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ | ᠃ |