ᠦᠰᠦᠭ ᠪᠢᠴᠢᠭ ᠤᠨ ᠲᠠᠶᠢᠯᠤᠮᠵᠢ᠄ ︽ᠵᠡᠭᠦᠨ ᠦᠵᠦᠮᠦᠴᠢᠨ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢᠨ ᠲᠤᠬᠠᠢ ᠲᠠᠶᠢᠯᠤᠮᠵᠢ
ᠨᠡᠶᠢᠲᠡᠯᠡᠭᠰᠡᠨ ᠴᠠᠭ᠄
2023/11/21
      ᠨᠢᠭᠡ᠂ ᠲᠣᠭᠲᠠᠭᠠᠭᠰᠠᠨ ᠠᠬᠤᠢ ᠪᠠᠶᠢᠳᠠᠯ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ ᠪᠣᠯᠣᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶﹀ ᠶᠢ ᠲᠤᠤᠱᠯᠠᠭᠤᠯᠬᠤ ᠬᠡᠷᠡᠭᠵᠢᠭᠦᠯᠬᠦ ᠲᠥᠰᠥᠯ︾ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠭᠦᠨᠵᠡᠭᠡᠢ ᠲᠦᠯᠬᠢᠨ ᠠᠬᠢᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠥᠬᠦ ᠲᠠᠯ᠎ᠠ ᠪᠠᠷ ᠪᠠᠶᠢᠭᠤᠯᠤᠨ᠂ ︽ᠰᠢᠯᠢ ᠶᠢᠨ ᠭᠤᠣᠯ ᠠᠶᠢᠮᠠᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠦᠨᠳᠦᠰᠦᠯᠡᠨ᠂ ᠬᠤᠰᠢᠭᠤ ᠬᠠᠤᠯᠢ ᠴᠠᠭᠠᠵᠠ ᠶᠢᠨ ᠲᠣᠪᠴᠢᠶ᠎ᠠ ᠲᠦᠷᠦᠭᠦᠯᠡᠨ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ︽ᠵᠡᠭᠦᠨ ᠦᠵᠦᠮᠦᠴᠢᠨ ᠬᠤᠰᠢᠭᠤᠨ ᠤ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠶᠢ ᠲᠤᠭᠤᠷᠪᠢᠭᠰᠠᠨ ᠪᠥᠭᠡᠳ ᠡᠯ᠎ᠡ ᠰᠤᠮᠤ ᠪᠠᠯᠭᠠᠰᠤ ︵ᠲᠠᠯᠠᠪᠠᠶ︶ ᠪᠣᠯᠣᠨ ᠬᠤᠰᠢᠭᠤ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠠᠨᠠᠯ ᠢ ᠬᠤᠷᠢᠶᠠᠪᠠ᠃      ᠬᠤᠶᠠᠷ᠂ ᠲᠣᠭᠲᠠᠭᠠᠭᠰᠠᠨ ᠦᠨᠳᠦᠰᠦᠯᠡᠯ      ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ︽ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠬᠡᠷᠡᠭᠵᠢᠭᠦᠯᠬᠦ ᠬᠥᠲᠥᠯᠪᠦᠷᠢ ︵2021 ︱ 2025 ᠣᠨ︶︾ ᠶᠢ ᠲᠤᠤᠱᠯᠠᠭᠤᠯᠬᠤ ᠶᠢᠨ ᠬᠡᠷᠡᠭᠵᠢᠭᠦᠯᠬᠦ ᠲᠥᠰᠥᠯ︾᠂ ︽ᠰᠢᠯᠢ ᠶᠢᠨ ᠭᠤᠣᠯ ᠠᠶᠢᠮᠠᠭ ᠤᠨ 2023 ᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠲᠥᠯᠥᠪᠯᠡᠭᠡ︾ ᠵᠡᠷᠭᠡ  ᠃      ᠭᠤᠷᠪᠠ᠂ ᠭᠤᠣᠯ ᠠᠭᠤᠯᠭ᠎ᠠ      ︽ᠲᠥᠯᠥᠪᠯᠡᠭᠡ︾ ᠳᠤ ᠨᠡᠶᠢᠳᠡ ᠶᠢᠰᠦᠨ ᠬᠡᠰᠡᠭ ᠬᠤᠪᠢᠶᠠᠵᠤ᠂ ᠭᠤᠣᠯᠳᠠᠭᠤ ᠲᠤᠰ ᠵᠢᠯ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠭᠤᠣᠯᠳᠠᠯᠭ᠎ᠠ ᠲᠠᠢ ᠡᠭᠦᠷᠭᠡ ᠶᠢ ᠨᠠᠷᠢᠯᠢᠭᠵᠢᠭᠤᠯᠵᠤ᠂ ᠬᠠᠷᠢᠭᠤᠴᠠᠯᠭᠠᠲᠤ ᠨᠢᠭᠡᠴᠡ ᠶᠢ ᠲᠣᠳᠣᠷᠬᠠᠶᠢᠯᠠᠪᠠ᠃      ᠨᠢᠭᠡᠳᠦᠭᠡᠷ ᠬᠡᠰᠡᠭ᠂ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠤᠷᠢ ᠶᠢᠨ ᠲᠤᠭᠳᠠᠯᠴᠠᠭ᠎ᠠ ᠶᠢ ᠪᠦᠷᠢᠨᠰᠢᠭᠦᠯᠦᠨ᠎ᠡ᠃ ᠭᠤᠣᠯ ᠠᠭᠤᠯᠭ᠎ᠠ ᠨᠢ ᠭᠤᠷᠪᠠᠨ ᠵᠦᠢᠯ ᠪᠤᠢ᠃ ᠡᠭᠦᠨ ᠳᠤ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢ ᠰᠢᠯᠢᠳᠡᠭᠵᠢᠭᠦᠯᠦᠨ ᠬᠠᠮᠵᠢᠯᠴᠠᠵᠤ ᠥᠨᠳᠥᠷ ᠪᠦᠲᠦᠮᠵᠢᠲᠡᠢ ᠠᠬᠢᠭᠤᠯᠬᠤ︔ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠬᠤ︔ ᠬᠠᠤᠯᠢ ᠪᠠᠷ ᠵᠠᠰᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠢ ᠦᠷᠭᠦᠯᠵᠢᠯᠡᠨ ᠰᠢᠯᠢᠳᠡᠭᠵᠢᠭᠦᠯᠬᠦ ᠵᠡᠷᠭᠡ ᠪᠣᠯᠣᠨ᠎ᠠ᠃      ᠬᠤᠶᠠᠳᠤᠭᠠᠷ ᠬᠡᠰᠡᠭ᠂ ᠬᠠᠤᠯᠢ ᠶᠣᠰᠣᠭᠠᠷ ᠵᠠᠰᠠᠭ ᠶᠠᠪᠤᠭᠤᠯᠬᠤ ᠳᠦᠷᠢᠮ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠨᠢᠭᠡ ᠵᠦᠢᠯ ᠪᠤᠢ᠃ ᠡᠭᠦᠨ ᠳᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠲᠣᠭᠲᠠᠭᠠᠬᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠵᠡᠷᠭᠡ ᠪᠠᠭᠲᠠᠨ᠎ᠠ᠃      ᠭᠤᠷᠪᠠᠳᠤᠭᠠᠷ ᠬᠡᠰᠡᠭ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠦᠷᠢᠮ ᠤᠨ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠭᠤᠷᠪᠠᠨ ᠵᠦᠢᠯ ᠪᠤᠢ᠃ ᠡᠭᠦᠨ ᠳᠤ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠤᠬᠠᠮᠰᠠᠷ ᠢᠶᠠᠨ ᠴᠢᠩᠭᠠᠳᠬᠠᠬᠤ︔ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠲᠡᠰ ᠳᠠᠷᠠᠭᠠᠯᠠᠯ ᠢ ᠴᠢᠩᠭ᠎ᠠ ᠨᠠᠶᠢᠳᠠᠪᠤᠷᠢᠵᠢᠭᠤᠯᠬᠤ︔ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠬᠦ ᠪᠠ ᠦᠨᠡᠯᠡᠨ ᠵᠢᠱᠢᠬᠦ ᠠᠵᠢᠯ ᠢ ᠴᠢᠩᠭᠠᠳᠬᠠᠬᠤ ᠵᠡᠷᠭᠡ ᠪᠣᠯᠣᠨ᠎ᠠ᠃      ᠳᠥᠷᠪᠡᠳᠦᠭᠡᠷ ᠬᠡᠰᠡᠭ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯ ᠤᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠲᠦᠷᠪᠡᠨ ᠵᠦᠢᠯ ᠪᠣᠯᠣᠨ᠎ᠠ᠃ ᠡᠭᠦᠨ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠᠶᠢᠭᠤᠯᠤᠯ ᠤᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ︔ ᠭᠤᠣᠯᠳᠠᠯᠭ᠎ᠠ ᠲᠠᠢ ᠬᠦᠷᠢᠶᠡᠨ ᠳᠠᠬᠢ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠬᠤ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠡᠰ ᠳᠠᠷᠠᠭᠠᠯᠠᠯ ᠢ ᠲᠡᠭᠦᠯᠳᠡᠷᠵᠢᠭᠦᠯᠬᠦ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠷᠭ᠎ᠠ ᠮᠠᠶ᠋ᠢᠭ ᠤᠨ ᠲᠠᠯ᠎ᠠ ᠪᠠᠷ ᠰᠢᠨ᠎ᠡ ᠶᠢ  ᠡᠭᠦᠳᠬᠦ ᠵᠡᠷᠭᠡ ᠪᠤᠯᠤᠨ᠎ᠠ᠃      ᠲᠠᠪᠤᠳᠤᠭᠠᠷ ᠬᠡᠰᠡᠭ᠂ ᠭᠡᠨᠡᠳᠲᠡ ᠶᠢᠨ ᠬᠡᠷᠡᠭ ᠢ ᠠᠷᠭᠠᠴᠠᠬᠤ ᠲᠤᠭᠳᠠᠯᠴᠠᠭ᠎ᠠ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠭᠤᠷᠪᠠᠨ ᠵᠦᠢᠯ ᠪᠤᠢ᠃ ᠡᠭᠦᠨ ᠳᠤ ᠭᠡᠨᠡᠳᠲᠡ ᠶᠢᠨ ᠬᠡᠷᠡᠭ ᠢ ᠠᠷᠭᠠᠴᠠᠬᠤ ᠳᠦᠷᠢᠮ ᠢ ᠲᠡᠭᠦᠯᠳᠡᠷᠵᠢᠭᠦᠯᠬᠦ︔ ᠭᠡᠨᠡᠳᠲᠡ ᠶᠢᠨ ᠬᠡᠷᠡᠭ ᠢ ᠬᠠᠤᠯᠢ ᠶᠣᠰᠣᠭᠠᠷ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠬᠦ︔ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠪᠠ ᠨᠡᠶᠢᠭᠡᠮ ᠤᠨ ᠬᠦᠴᠦᠨ ᠤ ᠭᠡᠨᠡᠳᠲᠡ ᠶᠢᠨ ᠬᠡᠷᠡᠭ ᠢ ᠠᠷᠭᠠᠴᠠᠬᠤ ᠳᠤ ᠣᠷᠣᠯᠴᠠᠬᠤ ᠶᠢ ᠬᠥᠲᠥᠯᠥᠨ ᠵᠢᠯᠤᠭᠤᠳᠴᠤ ᠵᠢᠷᠤᠮᠵᠢᠭᠤᠯᠬᠤ ᠵᠡᠷᠭᠡ ᠪᠣᠯᠣᠨ᠎ᠠ᠃      ᠵᠢᠷᠭᠤᠳᠤᠭᠠᠷ ᠬᠡᠰᠡᠭ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠵᠠᠰᠠᠭ ᠵᠠᠬᠢᠷᠭᠠᠨ ᠤ ᠤᠷᠢᠳᠴᠢᠯᠠᠨ ᠰᠡᠷᠭᠡᠶᠢᠯᠡᠬᠦ ᠪᠠ ᠡᠶᠡᠳᠡᠭᠦᠯᠦᠨ ᠰᠢᠢᠳᠪᠦᠷᠢᠯᠡᠬᠦ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠲᠦᠷᠪᠡᠨ ᠵᠦᠢᠯ ᠪᠣᠯᠣᠨ᠎ᠠ᠃ ᠡᠭᠦᠨ ᠳᠤ ᠵᠠᠰᠠᠭ ᠵᠠᠬᠢᠷᠭᠠᠨ ᠤ ᠡᠶᠡᠳᠡᠭᠦᠯᠬᠦ ᠠᠵᠢᠯ ᠢ ᠴᠢᠩᠭᠠᠳᠬᠠᠬᠤ︔ ᠵᠠᠰᠠᠭ ᠵᠠᠬᠢᠷᠭᠠᠨ ᠤ ᠲᠠᠰᠤᠯᠤᠯᠲᠠ ᠶᠢᠨ ᠠᠵᠢᠯ ᠢ ᠡᠮᠬᠢ ᠵᠢᠷᠤᠮ ᠲᠠᠢ ᠲᠦᠯᠬᠢᠨ ᠠᠬᠢᠭᠤᠯᠬᠤ︔ ᠵᠠᠰᠠᠭ ᠵᠠᠬᠢᠷᠭᠠᠨ ᠤ ᠳᠠᠬᠢᠨ ᠵᠥᠪᠯᠡᠵᠦ ᠵᠠᠰᠠᠭ ᠵᠠᠬᠢᠷᠭᠠᠨ ᠤ ᠮᠠᠷᠭᠤᠯᠳᠤᠭᠠᠨ ᠢ ᠠᠷᠢᠯᠭᠠᠬᠤ ᠭᠤᠣᠯ ᠠᠷᠭ᠎ᠠ ᠵᠠᠮ ᠤᠨ ᠦᠢᠯᠡᠳᠦᠯ ᠢ ᠪᠠᠳᠠᠷᠠᠭᠤᠯᠬᠤ︔ ᠵᠠᠰᠠᠭ ᠵᠠᠬᠢᠷᠭᠠᠨ ᠤ ᠵᠠᠷᠭᠤ ᠬᠦᠯᠢᠶᠡᠬᠦ ᠠᠵᠢᠯ ᠢ ᠴᠢᠩᠭᠠᠳᠬᠠᠨ ᠵᠢᠷᠤᠮᠵᠢᠭᠤᠯᠬᠤ ᠵᠡᠷᠭᠡ ᠪᠣᠯᠣᠨ᠎ᠠ᠃      ᠳᠣᠯᠣᠳᠤᠭᠠᠷ ᠬᠡᠰᠡᠭ᠂ ᠵᠠᠰᠠᠭ ᠵᠠᠬᠢᠷᠭᠠᠨ ᠤ ᠡᠷᠬᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠲᠠᠪᠤᠨ ᠵᠦᠢᠯ ᠪᠤᠢ᠃ ᠡᠭᠦᠨ ᠳᠤ ᠬᠢᠨᠠᠯᠲᠠ ᠲᠠᠯᠪᠢᠬᠤ ᠬᠠᠮᠲᠤ ᠶᠢᠨ ᠬᠦᠴᠦᠨ ᠢ ᠪᠦᠷᠢᠯᠳᠦᠭᠦᠯᠬᠦ︔ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠠᠵᠢᠯ ᠢ ᠴᠢᠩᠭᠠᠳᠬᠠᠨ ᠵᠢᠷᠤᠮᠵᠢᠭᠤᠯᠬᠤ︔ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠬᠢᠵᠠᠭᠠᠷᠯᠠᠬᠤ ᠪᠠ ᠬᠢᠨᠠᠯᠲᠠ ᠲᠠᠯᠪᠢᠬᠤ ᠪᠠᠨ ᠴᠢᠩᠭᠠᠳᠬᠠᠬᠤ︔ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠪᠥᠬᠦ ᠲᠠᠯ᠎ᠠ ᠪᠠᠷ ᠨᠠᠶᠢᠳᠠᠪᠦᠷᠢᠵᠢᠭᠤᠯᠬᠤ︔ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠬᠤ ᠵᠡᠷᠭᠡ ᠪᠣᠯᠣᠨ᠎ᠠ᠃      ᠨᠠᠢᠮᠠᠳᠤᠭᠠᠷ ᠬᠡᠰᠡᠭ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠲᠤᠯᠠᠭ᠎ᠠ ᠶᠢᠨ ᠲᠤᠭᠳᠠᠯᠴᠠᠭ᠎ᠠ ᠶᠢ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠭᠤᠷᠪᠠᠨ ᠵᠦᠢᠯ ᠪᠤᠢ᠃ ᠮᠡᠳᠡᠭᠡ ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ︔ ᠵᠠᠰᠠᠭ ᠤᠨ ᠶᠠᠪᠤᠳᠠᠯ ᠤᠨ ᠲᠤᠭ᠎ᠠ ᠪᠠᠷᠢᠮᠲᠠ ᠶᠢ ᠡᠮᠬᠢ ᠵᠢᠷᠤᠮ ᠲᠠᠢ ᠬᠠᠮᠲᠤᠪᠠᠷ ᠡᠳ᠋ᠯᠡᠬᠦ ᠶᠢ ᠲᠦᠷᠭᠡᠳᠭᠡᠨ ᠠᠬᠢᠭᠤᠯᠬᠤ︔ ︽ᠢᠨᠲ᠋ᠧᠷ ᠰᠦᠯᠵᠢᠶ᠎ᠡ +︾ ᠶᠢᠨ ᠬᠢᠨᠠᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠵᠡᠷᠭᠡ ᠶᠢ ᠭᠦᠨᠵᠡᠭᠡᠢ ᠲᠦᠯᠬᠢᠨ ᠠᠬᠢᠭᠤᠯᠬᠤ ᠵᠡᠷᠭᠡ ᠪᠣᠯᠣᠨ᠎ᠠ᠃      ᠶᠢᠰᠦᠳᠦᠭᠡᠷ ᠬᠡᠰᠡᠭ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠦᠨ᠎ᠡ᠃ ᠭᠤᠣᠯ ᠠᠭᠤᠯᠭ᠎ᠠ ᠨᠢ ᠲᠦᠷᠪᠡᠨ ᠵᠦᠢᠯ ᠪᠣᠯᠣᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ︔ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ︔ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ︔ ᠤᠨᠤᠯ ᠤᠨ ᠰᠤᠳᠤᠯᠭᠠᠨ ᠪᠠ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠬᠤ ᠵᠡᠷᠭᠡ ᠪᠣᠯᠣᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号