ᠪᠥᠬᠦ ᠠᠶᠢᠮᠠᠭ ᠤᠨ ︿︿ᠨᠢᠭᠡ ᠦᠷᠲᠡᠭᠡᠴᠢᠯᠡᠭᠰᠡᠨ ᠬᠡᠯᠪᠡᠷᠢ﹀﹀ ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠦᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠬᠤᠶ ᠲᠠᠯᠠᠪᠠᠶ ᠶᠢᠨ ᠬᠤᠷᠠᠯ ᠮᠠᠨ ᠤ ᠬᠤᠰᠢᠭᠤᠨ ᠳᠤ ᠬᠤᠷᠠᠯᠳᠤᠪᠠ
ᠨᠡᠶᠢᠲᠡᠯᠡᠭᠰᠡᠨ ᠴᠠᠭ᠄
2023/11/22
      11 ᠳ᠋ᠦ᠋ᠭᠡᠷ ᠰᠠᠷ᠎ᠠ ᠶᠢᠨ 12 ᠤᠨ ᠡᠳᠦᠷ᠂ ᠪᠥᠬᠦ ᠠᠶᠢᠮᠠᠭ ᠤᠨ ︿︿ᠨᠢᠭᠡ ᠦᠷᠲᠡᠭᠡᠴᠢᠯᠡᠭᠰᠡᠨ ᠬᠡᠯᠪᠡᠷᠢ﹀﹀  ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠦᠪ ᠤᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠠᠬᠤᠶ ᠲᠠᠯᠠᠪᠠᠶ ᠶᠢᠨ ᠬᠤᠷᠠᠯ ᠮᠠᠨ ᠤ ᠬᠤᠰᠢᠭᠤᠨ ᠳᠤ  ᠬᠤᠷᠠᠯᠳᠤᠵᠦ᠂ ᠪᠥᠬᠦ ᠠᠶᠢᠮᠠᠭ ᠤᠨ ︿︿ᠨᠢᠭᠡ ᠦᠷᠲᠡᠭᠡᠴᠢᠯᠡᠭᠰᠡᠨ ᠬᠡᠯᠪᠡᠷᠢ﹀﹀ ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠦᠪ ᠤᠨ ᠪᠠᠶᠢᠭᠤᠯᠤᠯᠲᠠ ᠶᠢᠨ ᠠᠵᠢᠯ ᠤᠨ ᠲᠤᠷᠰᠢᠯᠭ᠎ᠠ ᠦᠷ᠎ᠡ ᠪᠦᠲᠦᠭᠡᠯ ᠢ ᠳ᠋ᠦᠩᠨᠡᠨ ᠳᠡᠯᠭᠡᠷᠡᠭᠦᠯᠵᠦ᠂ ᠵᠥᠷᠢᠴᠡᠯ ᠵᠢᠭᠤᠷᠠᠭᠠᠨ  ᠢ ᠣᠯᠠᠨ ᠲᠠᠯ᠎ᠠ ᠠᠴᠠ ᠰᠢᠶᠳᠪᠦᠷᠢᠯᠡᠬᠦ ᠪᠠ ︿︿ᠨᠢᠭᠡ ᠦᠷᠲᠡᠭᠡᠴᠢᠯᠡᠭᠰᠡᠨ ᠬᠡᠯᠪᠡᠷᠢ﹀﹀ ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠦᠪ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ  ᠃      ᠠᠶᠢᠮᠠᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠣᠣ ᠡᠾᠦ᠋ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠠᠶᠢᠮᠠᠭ ᠤᠨ ᠪᠠᠶᠢᠴᠠᠭᠠᠬᠤ ᠬᠤᠪᠢᠶᠠᠷᠢ ᠬᠤᠷᠢᠶᠠᠨ ᠤ ᠪᠠᠶᠢᠴᠠᠭᠠᠬᠤ ᠳᠠᠷᠤᠭ᠎ᠠ ᠬᠤᠷᠠᠯ ᠳᠤ ᠣᠷᠣᠯᠴᠠᠪᠠ  ᠃      ᠬᠤᠷᠠᠯ ᠠᠴᠠ ᠵᠢᠭᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ  ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ︿︿ᠹᠧᠩ ᠴᠢᠶᠣᠤ ᠶᠢᠨ ᠲᠤᠷᠰᠢᠯᠭ᠎ᠠ﹀﹀ ᠶᠢ ᠪᠠᠷᠢᠮᠲᠠᠯᠠᠨ ᠬᠥᠭᠵᠢᠭᠦᠯᠵᠦ᠂ ᠡᠬᠢ ᠡᠭᠦᠰᠦᠯ ᠠᠴᠠ ᠨᠢ ᠵᠠᠰᠠᠬᠤ ᠶᠢ ᠭᠦᠨᠵᠡᠭᠡᠶᠢᠷᠡᠭᠦᠯᠬᠦ᠂  ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠤᠶᠢᠯᠠᠭᠠᠨ ᠡᠵᠡᠮᠰᠢᠵᠦ᠂ ᠵᠠᠷᠭᠤ ᠶᠢᠨ ᠪᠤᠰᠤ ᠠᠷᠭ᠎ᠠ ᠪᠠᠷ ᠵᠢᠭᠤᠷᠠᠭᠠᠨ ᠢ ᠰᠢᠶᠳᠪᠦᠷᠢᠯᠡᠬᠦ ᠲᠣᠭᠲᠠᠴᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︿︿ᠨᠢᠭᠡ ᠦᠷᠲᠡᠭᠡᠴᠢᠯᠡᠭᠰᠡᠨ ᠬᠡᠯᠪᠡᠷᠢ﹀﹀ ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠦᠪ ᠤᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢ ᠴᠢᠩᠭᠠᠳᠬᠠᠬᠤ ᠴᠢᠬᠤᠯᠠ ᠭᠠᠷᠳᠠᠴᠠ ᠪᠣᠯᠭᠠᠵᠤ᠂ ᠡᠯ᠎ᠡ ᠵᠦᠶᠯ ᠤᠨ ᠡᠶᠡᠳᠡᠭᠦᠯᠬᠦ ᠠᠵᠢᠯ ᠤᠨ ᠰᠠᠭᠤᠷᠢ ᠴᠢᠨᠠᠷᠲᠠᠶ ᠦᠶᠯᠡᠳᠦᠯ ᠢ ᠭᠦᠶᠴᠡᠳ ᠪᠠᠳᠠᠷᠠᠭᠤᠯᠵᠤ᠂ ᠵᠥᠷᠢᠴᠡᠯ  ᠵᠢᠭᠤᠷᠠᠭᠠᠨ ᠢ ᠡᠬᠢ ᠡᠭᠦᠰᠦᠯ ᠠᠴᠠ ᠨᠢ ᠰᠡᠷᠭᠡᠶᠢᠯᠡᠵᠦ᠂ ᠦᠨᠳᠦᠰᠦᠨ ᠱᠠᠲᠤᠨ ᠳᠤ  ᠰᠢᠢᠳᠪᠦᠷᠢᠯᠡᠬᠦ ᠬᠡᠷᠡᠭᠲᠡᠶ ᠭᠡᠵᠡᠢ  ᠃      ᠬᠤᠷᠠᠯ ᠠᠴᠠ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠤᠨ ᠬᠢᠨ ︿︿ᠴᠢᠳᠠᠮᠵᠢ ᠶᠢ ᠣᠯᠠᠨ ᠡᠰᠢᠵᠢᠭᠦᠯᠬᠦ᠂ ᠡᠬᠢ ᠪᠠᠶᠠᠯᠢᠭ ᠢ ᠲᠥᠪᠯᠡᠷᠡᠭᠦᠯᠬᠦ᠂ ᠠᠵᠢᠯᠯᠠᠭᠠᠨ ᠢ ᠥᠨᠳᠥᠷ ᠪᠦᠲᠦᠮᠵᠢᠲᠡᠶ ᠪᠠᠶᠢᠯᠭᠠᠬᠤ᠂ ᠣᠯᠠᠨ ᠲᠦᠮᠡᠨ ᠳᠤ ᠲᠥᠬᠦᠮ ᠦᠵᠡᠭᠦᠯᠬᠦ﹀﹀ ᠵᠠᠷᠴᠢᠮ ᠢ ᠪᠠᠷᠢᠮᠲᠠᠯᠠᠵᠤ᠂ ᠪᠣᠳᠠᠲᠤ ᠬᠡᠷᠡᠭᠯᠡᠭᠡ ᠶᠢ ᠳᠣᠪᠣᠶᠢᠯᠭᠠᠵᠤ᠂ ᠨᠡᠶᠢᠳᠬᠡᠨ ᠠᠭᠤᠰᠤᠯᠴᠠᠭᠤᠯᠬᠤ ᠶᠢ ᠴᠢᠬᠤᠯᠠᠴᠢᠯᠠᠵᠤ᠂ ︿︿ᠨᠢᠭᠡ ᠦᠷᠲᠡᠭᠡᠴᠢᠯᠡᠭᠰᠡᠨ ᠬᠡᠯᠪᠡᠷᠢ﹀﹀ ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠥᠨᠳᠥᠷ ᠪᠦᠲᠦᠮᠵᠢᠲᠡᠶ ᠪᠣᠳᠠᠲᠤ ᠬᠡᠷᠡᠭᠯᠡᠭᠡᠨ ᠤ ᠠᠵᠢᠯ ᠤᠨ ᠲᠣᠭᠲᠠᠴᠠ ᠶᠢ ᠪᠠᠶᠢᠭᠤᠯᠵᠤ᠂ ᠡᠯ᠎ᠡ ᠵᠦᠶᠯ ᠤᠨ ᠪᠠᠲᠤᠯᠠᠭ᠎ᠠ ᠶᠢᠨ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠵᠡᠭᠦᠨ ᠪᠠᠷᠠᠭᠤᠨ ᠬᠤᠶᠠᠷ ᠲᠠᠯ᠎ᠠ ᠪᠠᠷ ᠢᠶᠠᠨ ᠵᠣᠬᠢᠴᠠᠯᠳᠤᠭᠰᠠᠨ‌ᠵᠥ᠋ᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠠᠵᠢᠯ ᠤᠨ ᠪᠠᠶᠢᠷᠢᠰᠢᠯ ᠢ ᠪᠦᠷᠢᠯᠳᠦᠭᠦᠯᠬᠦ ᠶᠢ ᠠᠬᠢᠭᠤᠯᠵᠤ᠂ ᠵᠥᠷᠢᠴᠡᠯ ᠵᠢᠭᠤᠷᠠᠭᠠᠨ ᠢ ᠨᠠᠩ ᠴᠠᠭ ᠲᠤᠬᠠᠶ ᠳᠤᠨᠢ ᠪᠦᠲᠦᠮᠵᠢᠲᠡᠶ ᠰᠢᠶᠳᠪᠦᠷᠢᠯᠡᠵᠦ᠂ ᠠᠷᠠᠳ ᠣᠯᠠᠨ ᠳᠤ ᠦᠶᠯᠡᠴᠢᠯᠡᠬᠦ ᠬᠡᠷᠡᠭᠲᠡᠶ ᠭᠡᠵᠡᠢ  ᠃      ᠬᠤᠷᠠᠯ ᠳᠡᠭᠡᠷ᠎ᠡ᠂ ᠮᠠᠨ ᠤ ᠬᠤᠰᠢᠭᠤᠨ ᠤ ᠭᠤᠣᠯ ᠬᠠᠷᠢᠭᠤᠴᠠᠯᠭᠠᠲᠠᠨ ᠠᠴᠠ ᠨᠡᠶᠢᠲᠡᠯᠢᠭ ᠶᠠᠷᠢᠶ᠎ᠠ ᠲᠠᠯᠪᠢᠵᠤ᠂ ᠰᠢᠯᠢᠩᠬᠤᠲᠠ᠂ ᠬᠥᠪᠡᠭᠡᠲᠦ ᠰᠢᠷ᠎ᠠ ᠬᠤᠰᠢᠭᠤ᠂ ᠠᠶᠢᠮᠠᠭ ᠤᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶ᠎ᠠ᠂ ᠠᠶᠢᠮᠠᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ᠲᠣᠰ ᠲᠣᠰ ᠤᠨ ᠬᠦᠷᠢᠶᠡᠨ ᠳᠠᠬᠢ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠠᠵᠢᠯ ᠤᠨ ᠨᠡᠶᠢᠲᠡᠯᠢᠭ ᠲᠤᠷᠰᠢᠯᠭ᠎ᠠ ᠪᠠ ᠲᠡᠷᠢᠭᠦᠨ ᠤ ᠠᠷᠭ᠎ᠠ ᠬᠢᠳᠡᠯ ᠤᠨ ᠲᠤᠬᠠᠶ ᠰᠠᠨᠠᠯ ᠢᠶᠠᠨ ᠰᠣᠯᠢᠯᠴᠠᠪᠠ  ᠃      ᠬᠤᠷᠠᠯ ᠤᠨ ᠬᠤᠭᠤᠴᠠᠭᠠᠨ ᠳᠤ᠂ ᠬᠤᠷᠠᠯ ᠳᠤ ᠣᠷᠣᠯᠴᠠᠭᠰᠠᠳ ᠤᠷᠢᠳ ᠬᠤᠵᠢᠳ ᠮᠠᠨ ᠤ ᠬᠤᠰᠢᠭᠤᠨ ᠤ ᠵᠥᠷᠢᠴᠡᠯ ᠵᠢᠭᠤᠷᠠᠭᠠᠨ ᠢ ᠰᠢᠶᠳᠪᠦᠷᠢᠯᠡᠬᠦ ᠦᠶᠯᠡᠴᠢᠯᠡᠭᠡᠨ ᠤ ᠲᠥᠪ᠂ ᠤᠯᠢᠶᠠᠰᠤᠲᠠᠢ ᠪᠠᠯᠭᠠᠰᠤᠨ ᠤ ᠶᠡᠷᠦᠩᠬᠡᠶᠢᠯᠡᠨ ᠵᠠᠰᠠᠬᠤ ᠲᠥᠪ ᠵᠡᠷᠭᠡ ᠨᠢᠭᠡᠴᠡ ᠳᠤ ᠬᠦᠷᠴᠦ᠂ ᠮᠠᠨ ᠤ ᠬᠤᠰᠢᠭᠤᠨ ︿︿ᠨᠢᠭᠡ ᠦᠷᠲᠡᠭᠡᠴᠢᠯᠡᠭᠰᠡᠨ ᠬᠡᠯᠪᠡᠷᠢ﹀﹀ ᠪᠠᠷ ᠵᠥᠷᠢᠴᠡᠯ ᠵᠢᠭᠤᠷᠠᠭᠠᠨ ᠢ ᠣᠯᠠᠨ ᠲᠠᠯ᠎ᠠ ᠠᠴᠠ ᠰᠢᠶᠳᠪᠦᠷᠢᠯᠡᠬᠦ ᠲᠠᠪᠴᠠᠩ ᠤᠨ ᠪᠠᠶᠢᠭᠤᠯᠤᠯᠲᠠ ᠵᠢᠴᠢ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ ᠨᠡᠶᠢᠲᠡᠯᠢᠭ ᠲᠤᠷᠰᠢᠯᠭ᠎ᠠ ᠶᠢ ᠰᠤᠷᠤᠯᠴᠠᠨ ᠣᠶᠢᠯᠠᠭᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号