ᠬᠤᠰᠢᠭᠤ ᠬᠤᠷᠢᠶ᠎ᠠ ᠶᠢᠨ ᠤᠨᠤᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2023 ᠣᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/11/22
      11 ᠰᠠᠷ᠎ᠠ ᠶᠢᠨ 13 ᠤ ᠡᠳᠦᠷ᠂ ᠬᠤᠰᠢᠭᠤ ᠬᠤᠷᠢᠶ᠎ᠠ ᠶᠢᠨ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ 2023 ᠣᠨ ᠤ 15 ᠳ᠋ᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠷᠠᠯ ᠡᠷᠭᠢᠯᠡᠨ ᠶᠠᠷᠢᠶ᠎ᠠ ᠲᠠᠯᠪᠢᠵᠤ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠣᠯᠯᠠᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃      ᠬᠤᠷᠠᠯ ᠠᠴᠠ  ︽ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠠᠶᠢᠲᠤᠷ ᠪᠡᠶᠡᠯᠡᠭᠦᠯᠰᠦᠭᠡᠢ ︱ ᠰᠦᠨ ᠱᠤᠤ ᠴᠧᠩ ᠨᠥᠬᠦᠷ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠨᠠᠮ ᠤᠨ ᠬᠢᠴᠢᠶᠡᠯ ᠤᠨ ᠮᠡᠳᠡᠭᠦᠯᠦᠯᠲᠡ︾᠂ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠂ ︽ᠰᠦᠨ ᠱᠣᠸ ᠴᠧᠩ  ᠂ ᠸᠠᠩ ᠯᠢ ᠰᠢᠶᠠ ᠨᠥᠬᠦᠷ ᠤᠨ ᠪᠥᠬᠦ ᠣᠷᠣᠨ ᠤ ᠭᠤᠣᠯᠳᠠᠯᠭ᠎ᠠ ᠲᠠᠢ ᠠᠵᠢᠯ ᠤᠨ ᠬᠤᠷᠠᠯ ᠳᠡᠭᠡᠷᠡᠬᠢ ᠶᠠᠷᠢᠶ᠎ᠠ ︾ ᠪᠠ ᠠᠶᠢᠮᠠᠭ ᠤᠨ ᠨᠠᠮ ᠤᠨ ᠬᠤᠷᠢᠶ᠎ᠠ ᠶᠢᠨ 2023 ᠣᠨ ᠤ 2 ᠳ᠋ᠤᠭᠠᠷ ᠤᠳᠠᠭ᠎ᠠ ᠶᠢᠨ ︵ᠥᠷᠭᠡᠳᠬᠡᠭᠰᠡᠨ︶ ᠬᠤᠷᠠᠯ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠤᠯᠠᠮᠵᠢᠯᠠᠨ ᠰᠤᠷᠤᠯᠴᠠᠭᠰᠠᠨ ᠪᠠᠶᠢᠨ᠎ᠠ᠃      ︽ᠭᠤᠣᠯ ᠰᠡᠳᠦᠪᠲᠦ ᠬᠥᠮᠦᠵᠢᠯ ᠳᠤᠮᠳᠠ ︿ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠵᠦ᠂ ᠬᠥᠭᠵᠢᠯᠲᠡ ᠶᠢ ᠠᠬᠢᠭᠤᠯᠬᠤ﹀ ᠲᠤᠰᠬᠠᠢ ᠰᠡᠳᠦᠪᠲᠦ ᠰᠤᠷᠤᠯᠴᠠᠵᠤ ᠰᠤᠳᠤᠯᠤᠨ ᠶᠠᠷᠢᠯᠴᠠᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ  ᠶᠢᠨ ᠭᠤᠣᠯᠯᠠᠬᠤ ᠳᠤᠭᠤᠶᠢᠯᠠᠩ ᠭᠡᠰᠢᠭᠦᠳ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠬᠤ︾ ᠶᠢᠨ ᠲᠣᠭᠤᠷᠢᠨ ᠳᠤ ᠰᠤᠳᠤᠯᠤᠨ ᠶᠠᠷᠢᠯᠴᠠᠬᠤ ᠶᠠᠷᠢᠶ᠎ᠠ ᠲᠠᠯᠪᠢᠪᠠ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠥᠬᠦ ᠬᠤᠰᠢᠭᠤᠨ ᠤ ᠨᠠᠮ ᠤᠨ ᠭᠡᠰᠢᠭᠦᠨ ᠺᠠᠳ᠋ᠷᠴᠤᠳ  ᠤᠨ ︽ᠬᠤᠶᠠᠷ ᠢ ᠲᠣᠭᠲᠠᠭᠠᠬᠤ︾ ᠶᠢ ᠨᠠᠩ ᠤᠬᠠᠮᠰᠠᠷ ᠠᠴᠠ ᠪᠠᠨ ᠬᠦᠷᠢᠶᠡᠯᠡᠬᠦ ᠶᠢ ᠬᠥᠲᠥᠯᠥᠨ ᠵᠢᠯᠤᠭᠤᠳᠴᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠠᠵᠢᠯ ᠤᠨ ᠴᠢᠳᠠᠪᠤᠷᠢ ᠪᠠ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠢᠶᠠᠨ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠪᠥᠬᠦ ᠬᠤᠰᠢᠭᠤᠨ ᠤ ᠡᠯ᠎ᠡ ᠲᠥᠷᠥᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠲᠦᠯᠬᠢᠨ ᠠᠬᠢᠭᠤᠯᠬᠤ ᠬᠡᠷᠡᠭᠲᠡᠢ᠃ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠥᠪᠰᠢᠨ ᠳᠤ ᠣᠷᠤᠬᠤ︾ ᠰᠢᠨ᠎ᠡ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠭᠦᠨᠵᠡᠭᠡᠢ ᠣᠶᠢᠯᠠᠭᠠᠨ ᠣᠨᠣᠪᠴᠢᠲᠠᠶ ᠡᠵᠡᠮᠳᠡᠵᠦ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠵᠦ᠂ ᠴᠢᠨᠠᠷ ᠰᠠᠶᠢᠲᠠᠢ ᠲᠦᠯᠬᠢᠨ ᠠᠬᠢᠭᠤᠯᠵᠤ᠂ ︽ᠲᠠᠪᠤ ᠶᠢ ᠭᠦᠢᠴᠡᠳ ᠲᠠᠨᠢᠬᠤ︾  ︽ᠭᠤᠷᠪᠠ ᠶᠢ ᠭᠤᠶᠢᠪᠢᠰᠢ ᠦᠭᠡᠢ ᠪᠠᠷᠢᠮᠲᠠᠯᠠᠬᠤ︾ ᠪᠠᠷ ᠭᠤᠣᠯᠳᠠᠭᠤᠯᠤᠨ ᠳᠠᠪᠠᠭᠤᠯᠢᠭ ᠢᠶᠠᠨ ᠪᠠᠳᠠᠷᠠᠭᠤᠯᠵᠤ᠂ ᠳᠤᠲᠠᠭᠤᠳᠠᠯ ᠢᠶᠠᠨ ᠨᠥᠬᠦᠪᠦᠷᠢᠯᠡᠵᠦ᠂ ᠠᠵᠢᠯ ᠢᠶᠠᠨ ᠪᠠᠲᠤᠲᠠᠢ ᠠᠳᠬᠤᠵᠤ᠂ ᠰᠠᠭᠤᠷᠢ ᠪᠠᠨ ᠪᠠᠲᠤᠳᠬᠠᠨ᠂ ᠠᠯᠬᠤᠮ ᠢᠶᠠᠨ ᠪᠣᠳᠠᠲᠠᠶᠢᠵᠢᠭᠤᠯᠵᠤ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ‌‍ᠳᠦ ᠲᠠᠰᠤᠷᠠᠯᠲᠠ ᠦᠭᠡᠢ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠱᠠᠭᠠᠷᠳᠠᠭᠰᠠᠨ ᠨᠢ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠢᠨ ᠭᠤᠣᠯ ᠰᠡᠳᠦᠪᠲᠦ ᠬᠥᠮᠦᠵᠢᠯ ᠤᠨ ᠶᠡᠷᠦᠩᠬᠡᠢ ᠱᠠᠭᠠᠷᠳᠠᠯᠭ᠎ᠠ ᠪᠠ ᠬᠠᠷᠠᠯᠲᠠ ᠡᠭᠦᠷᠭᠡ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠲᠠᠢ ᠨᠢᠭᠲᠠ ᠤᠶᠠᠯᠳᠤᠭᠤᠯᠤᠨ᠂ ᠵᠣᠬᠢᠶᠠᠨ ᠪᠠᠶᠢᠭᠤᠯᠵᠤ ᠤᠳᠤᠷᠢᠳᠬᠤ᠂ ᠱᠠᠭᠠᠷᠳᠠᠨ ᠵᠢᠯᠤᠭᠤᠳᠬᠤ᠂ ᠤᠬᠠᠭᠤᠯᠤᠨ ᠬᠥᠲᠥᠯᠥᠨ ᠵᠢᠯᠤᠭᠤᠳᠬᠤ ᠶᠢ ᠲᠠᠰᠤᠷᠠᠯᠲᠠ ᠦᠭᠡᠢ ᠴᠢᠩᠭᠠᠳᠬᠠᠵᠤ᠂ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠶᠢᠵᠢᠭᠤᠯᠵᠤ᠂ ᠰᠠᠨᠠᠭᠠᠴᠢᠯᠠᠭ᠎ᠠ ᠠᠴᠠ ᠪᠠᠨ ᠡᠭᠦᠷᠭᠡᠯᠡᠨ ᠠᠵᠢᠯ ᠬᠢᠵᠦ᠂ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠲᠠᠢ ᠤᠶᠠᠯᠳᠤᠭᠤᠯᠤᠨ᠂ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠬᠤ︾ ᠵᠥᠷᠢᠶ᠎ᠡ ᠪᠠ ᠬᠠᠷᠠᠯᠲᠠ ᠶᠢ ᠦᠨᠡᠨ ᠢ ᠪᠠᠷᠢᠮᠲᠠᠯᠠᠨ ᠳᠤᠷᠠᠳᠴᠤ᠂ ᠣᠷᠣᠰᠢᠵᠤ ᠪᠠᠶᠢᠭ᠎ᠠ ᠠᠰᠠᠭᠤᠳᠠᠯ ᠢ ᠦᠨᠡᠨᠬᠦ ᠰᠢᠢᠳᠪᠦᠷᠢᠯᠡᠨ᠂ ᠳᠤᠲᠠᠭᠤᠳᠠᠯ ᠢᠶᠠᠨ ᠨᠥᠬᠦᠪᠦᠷᠢᠯᠡᠵᠦ᠂ ︽ᠰᠢᠨ᠎ᠡ ᠵᠠᠮ ᠢᠶᠠᠷ ᠵᠠᠮᠨᠠᠵᠤ᠂ ᠳᠤᠮᠳᠠ ᠲᠦᠪᠰᠢᠨ ᠳᠤ ᠣᠷᠣᠬᠤ︾ ᠬᠠᠷᠠᠯᠲᠠ ᠶᠢ ᠴᠢᠷᠮᠠᠶᠢᠨ ᠪᠡᠶᠡᠯᠡᠭᠦᠯᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠳᠤᠪᠤᠶᠢᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠣᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ︽ᠳᠠᠪᠠᠭᠤᠯᠢᠭ ᠢᠶᠠᠨ ᠪᠠᠳᠠᠷᠠᠭᠤᠯᠵᠤ᠂ ᠵᠥᠷᠢᠶ᠎ᠡ ᠪᠠᠨ ᠡᠷᠢᠨ᠂ ᠬᠥᠭᠵᠢᠯᠲᠡ ᠶᠢ ᠠᠬᠢᠭᠤᠯᠬᠤ︾ ᠠᠵᠢᠯᠯᠠᠭ᠎ᠠ ᠳᠤᠮᠳᠠ ᠢᠯᠡᠷᠡᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠳᠤᠪᠤᠶᠢᠯᠭᠠᠵᠤ᠂ ᠰᠤᠷᠲᠠᠯ ᠢᠶᠠᠨ ᠰᠠᠶᠢᠵᠢᠷᠠᠭᠤᠯᠬᠤ ᠶᠢ ᠳᠤᠪᠤᠶᠢᠯᠭᠠᠵᠤ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠳᠤᠪᠤᠶᠢᠯᠭᠠᠵᠤ᠂ ᠭᠠᠵᠠᠷ ᠪᠣᠯᠭᠠᠨ ᠳᠤ ᠴᠢᠩᠭ᠎ᠠ ᠱᠠᠭᠠᠷᠳᠠᠵᠤ᠂ ᠭᠤᠣᠯ ᠰᠡᠳᠦᠪᠲᠦ ᠬᠥᠮᠦᠵᠢᠯ ᠤᠨ ᠵᠢᠱᠢᠭᠰᠡᠨ ᠬᠠᠷᠠᠯᠲᠠ ᠳᠠᠭᠠᠨ ᠬᠦᠷᠴᠦ᠂ ᠴᠢᠬᠤᠯᠠ ᠦᠷ᠎ᠡ ᠪᠦᠲᠦᠭᠡᠯ ᠣᠯᠬᠤ ᠶᠢ ᠦᠨᠡᠨᠬᠦ ᠠᠬᠢᠭᠤᠯᠬᠤ ᠬᠡᠷᠡᠭᠲᠡᠢ‌‍ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号